ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠪᠦᠬᠦ ᠣᠷᠣᠨ ᠤ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠦᠷᠦᠯ ᠵᠦᠢᠯ ᠤᠨ ᠦᠨᠡᠯᠡᠨ ᠬᠢᠨᠠᠬᠤ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/11/6
      2024 ︱ 2025 ᠣᠨ ᠤ ᠲᠥᠪ ᠤᠨ ᠲᠥᠰᠥᠪ ᠲᠠᠬᠢ ᠪᠡᠯᠡ ᠣᠷᠣᠭᠤᠯᠤᠯᠲᠠ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠨᠥᠭᠡᠴᠡᠯᠡᠬᠦ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠰᠠᠶᠢᠲᠤᠷ ᠬᠢᠬᠦ ᠶᠢᠨ ᠲᠤᠰᠠᠳᠠ᠂ 10 ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠠᠴᠠ ᠬᠥᠬᠡᠬᠤᠲᠠ ᠳᠤ ᠪᠥᠬᠦ ᠣᠷᠣᠨ ᠤ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠦᠨᠡᠯᠡᠨ ᠬᠢᠨᠠᠬᠤ ᠪᠣᠯᠪᠠᠰᠤᠷᠠᠯ ᠤᠨ ᠠᠩᠭᠢ ᠡᠷᠬᠢᠯᠡᠪᠡ᠃
图片1.png
           ᠪᠣᠯᠪᠠᠰᠤᠷᠠᠯ ᠤᠨ ᠠᠩᠭᠢ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠬᠡᠮᠵᠢᠨ ᠮᠡᠳᠡᠭᠦᠯᠬᠦ ᠭᠠᠵᠠᠷ ᠤᠨ ᠳᠠᠷᠤᠭ᠎ᠠ ᠽᠧᠩ ᠵᠢᠤᠸᠠᠨ᠂ ᠰᠡᠷᠭᠡᠶᠢᠯᠡᠨ ᠵᠠᠰᠠᠬᠤ ᠭᠠᠵᠠᠷ ᠤᠨ ᠰᠤᠳᠤᠯᠤᠭᠴᠢ ᠵᠣᠣ ᠵᠥᠩ ᠬᠤᠸᠠ  ᠶᠢ ᠤᠷᠢᠵᠤ᠂ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠲᠥᠯᠥᠪᠯᠡᠭᠡ ᠡᠳ᠋ ᠤᠨ ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ᠶᠠᠩ ᠰᠢᠶᠣᠣ ᠯᠦᠩ ᠵᠢᠴᠢ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠲᠥᠪ ᠵᠡᠷᠭᠡ ᠣᠷᠣᠨ ᠤ ᠳᠣᠲᠣᠷ᠎ᠠ ᠭᠠᠳᠠᠨᠠᠬᠢ ᠲᠤᠰᠬᠠᠢ ᠮᠡᠷᠭᠡᠵᠢᠯᠲᠡᠨ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ ᠬᠤᠯᠪᠣᠭᠳᠠᠯ ᠪᠦᠬᠦᠢ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠳᠡᠯᠭᠡᠷᠡᠭᠦᠯᠦᠯᠲᠡ ᠶᠢᠨ ᠲᠥᠪ ᠤᠨ ᠡᠷᠬᠢᠯᠡᠭᠴᠢ᠂ ᠤᠷᠭᠤᠮᠠᠯ ᠤᠨ ᠬᠠᠮᠠᠭᠠᠯᠠᠯᠲᠠ ᠶᠢᠨ ᠥᠷᠲᠡᠭᠡᠨ ᠤ ᠳᠠᠷᠤᠭ᠎ᠠ ᠵᠡᠷᠭᠡ ᠨᠡᠶᠢᠲᠡ 70 ᠭᠠᠷᠤᠢ ᠬᠥᠮᠥᠨ ᠲᠣᠰ ᠤᠳᠠᠭᠠᠨ ᠤ ᠪᠤᠯᠪᠠᠰᠤᠷᠠᠯ  ᠳᠤ ᠣᠷᠣᠯᠴᠠᠵᠠᠢ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ 2024 ᠣᠨ ᠤ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠨᠥᠭᠡᠴᠡᠯᠡᠬᠦ ᠲᠦᠷᠦᠯ ᠵᠦᠢᠯ ᠪᠣᠯᠣᠨ 2023 ᠣᠨ ᠤ ᠴᠣᠬᠤᠯᠠᠪᠤᠷᠢᠯᠠᠨ ᠬᠠᠷᠢᠭᠤᠯᠤᠭᠰᠠᠨ ᠲᠦᠷᠦᠯ ᠵᠦᠢᠯ ᠢ ᠬᠡᠷᠡᠭᠵᠢᠭᠦᠯᠦᠭᠰᠡᠨ ᠨᠢᠭᠡᠴᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ ᠂ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠦᠵᠡᠵᠦ ᠂ ᠲᠤᠯᠭᠠᠨ ᠠᠰᠠᠭᠤᠵᠤ ᠰᠣᠯᠢᠯᠴᠠᠬᠤ ᠠᠵᠢᠯ ᠢ ᠥᠷᠨᠢᠭᠦᠯᠵᠦ ᠂ ᠲᠦᠷᠦᠯ ᠵᠦᠢᠯ ᠢ ᠨᠢᠭᠡᠳ ᠨᠢᠭᠡ ᠪᠠᠷ ᠬᠢᠨᠠᠨ ᠲᠣᠭᠲᠠᠭᠠᠬᠤ ᠶᠢᠨ ᠬᠠᠮᠲᠤ ᠬᠢᠨᠠᠨ ᠲᠣᠭᠲᠠᠭᠠᠬᠤ ᠰᠠᠨᠠᠯ ᠪᠠ ᠰᠠᠨᠠᠭᠤᠯᠭ᠎ᠠ ᠳᠤᠷᠠᠳᠪᠠ ᠃
图片2.png
      ᠪᠣᠯᠪᠠᠰᠤᠷᠠᠯ ᠢᠶᠠᠷ ᠳᠡᠮᠵᠢᠨ᠂ ᠡᠯ᠎ᠡ ᠭᠠᠵᠠᠷ ᠤᠨ ᠬᠢᠨ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ  ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠨᠥᠭᠡᠴᠡᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠮᠡᠳᠡᠷᠡᠵᠦ᠂ ᠮᠠᠨ ᠤ ᠣᠷᠣᠨ ᠤ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠂ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠤᠯᠠᠮ ᠨᠢᠭᠡ ᠠᠯᠬᠤᠮ  ᠵᠢᠷᠤᠮᠵᠢᠭᠤᠯᠬᠤ ᠂ ᠨᠥᠭᠡᠴᠡᠯᠡᠬᠦ ᠲᠥᠷᠥᠯ ᠵᠦᠢᠯ ᠤᠨ ᠶᠠᠰᠤ ᠴᠢᠨᠠᠷ ᠢ ᠲᠡᠭᠡᠭᠰᠢᠯᠡᠭᠦᠯᠬᠦ ᠂ ᠮᠠᠨ ᠤ ᠣᠷᠣᠨ ᠤ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠ ᠤᠷᠭᠤᠮᠠᠯ ᠤᠨ ᠬᠠᠮᠠᠭᠠᠯᠠᠯᠲᠠ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号