ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ ᠬᠢᠩᠭᠠᠨ ᠠᠶᠢᠮᠠᠭ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠵᠣᠯᠭᠠᠯᠴᠠᠭ᠎ᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/7
      11 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠵᠢᠯ ᠢ ᠵᠣᠯᠭᠠᠭᠤᠯᠬᠤ ᠳᠤᠭᠤᠶᠢᠯᠠᠩ ᠬᠢᠩᠭᠠᠨ ᠠᠶᠢᠮᠠᠭ ᠤᠨ ᠡᠯ᠎ᠡ ᠬᠤᠰᠢᠭᠤ ᠰᠢᠶᠠᠨ ᠲᠣᠭᠤᠷᠢᠭ ᠲᠤ ᠬᠦᠷᠴᠦ᠂ ᠤᠯᠤᠰ ᠤᠨ ᠲᠠᠰ ᠤᠨ ᠣᠳᠣᠬᠢᠴᠢᠯᠠᠭᠰᠠᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠬᠠᠷ᠎ᠠ ᠬᠦᠷᠦᠰᠦᠲᠦ ᠭᠠᠵᠠᠷ ᠶᠢᠨ ᠬᠠᠮᠠᠭᠠᠯᠠᠯᠲᠠ ᠠᠰᠢᠭᠯᠠᠯᠲᠠ᠂ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠤᠯᠲᠠ᠂ ᠡᠪᠡᠰᠦᠨ ᠤ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠳᠤ ᠲᠣᠰ ᠲᠣᠰ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ 
1.png
       ᠬᠤᠷᠠᠯ ᠳᠡᠭᠡᠷ᠎ᠡ᠂ ᠠᠵᠢᠯ ᠵᠣᠯᠭᠠᠭᠤᠯᠬᠤ ᠳᠤᠭᠤᠶᠢᠯᠠᠩ ᠤᠨ ᠬᠢᠨ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠵᠢᠴᠢ 2024 ᠣᠨ ᠤ ᠠᠵᠢᠯ ᠤᠨ ᠲᠥᠯᠥᠪᠯᠡᠭᠡ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠲᠠᠢ ᠪᠠᠨ ᠤᠶᠠᠯᠳᠤᠭᠤᠯᠵᠤ᠂ ᠬᠢᠩᠭᠠᠨ ᠠᠶᠢᠮᠠᠭ ᠤᠨ ᠬᠤᠷᠠᠯ ᠳᠤ ᠣᠷᠣᠯᠴᠠᠭᠰᠠᠨ ᠬᠥᠮᠥᠰ ᠲᠠᠢ ᠭᠦᠨᠵᠡᠭᠡᠢ ᠰᠠᠨᠠᠯ ᠢᠶᠠᠨ ᠰᠣᠯᠢᠯᠴᠠᠬᠤ ᠶᠢᠨ ᠬᠠᠮᠲᠤ ᠠᠵᠢᠯ ᠤᠨ ᠰᠠᠨᠠᠭᠤᠯᠭ᠎ᠠ ᠳᠤᠷᠠᠳᠴᠠᠢ᠃      ᠬᠤᠷᠠᠯ ᠠᠴᠠ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠨᠢ ᠰᠠᠭᠤᠷᠢ ᠲᠠᠢ᠂ ᠨᠥᠬᠦᠴᠡᠯ ᠲᠠᠢ᠂ ᠳᠠᠪᠠᠭᠤᠯᠢᠭ ᠲᠠᠢ᠂ ᠳᠠᠯᠳᠠ ᠬᠦᠴᠦᠨ ᠲᠠᠢ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠤᠯᠵᠦ ᠪᠤᠢ ᠪᠤᠯᠬᠤᠷ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠮᠠᠰᠢ ᠣᠯᠠᠨ ᠰᠠᠶᠢᠨ ᠠᠷᠭ᠎ᠠ ᠪᠠᠷᠢᠯ᠂ ᠰᠠᠶᠢᠨ ᠬᠡᠪ ᠵᠠᠭᠪᠤᠷ ᠴᠣᠯᠭᠤᠷᠠᠨ ᠭᠠᠷᠴᠠᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠵᠦ᠂ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠨᠡᠶᠢᠲᠡᠯᠢᠭ ᠲᠤᠷᠰᠢᠯᠭ᠎ᠠ ᠶᠢ ᠪᠦᠷᠢᠯᠳᠦᠭᠦᠯᠵᠦ᠂ ︽ᠫᠧᠩᠰᠡᠲᠦ ᠦᠵᠡᠮᠵᠢ︾ ᠶᠢ ︽ᠣᠶ ᠰᠢᠭᠤᠢ︾ ᠪᠣᠯᠭᠠᠨ ᠬᠤᠪᠢᠷᠠᠭᠤᠯᠵᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠢᠩᠭᠠᠨ ᠠᠶᠢᠮᠠᠭ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠬᠢᠩᠭᠠᠨ ᠠᠶᠢᠮᠠᠭ ᠤᠨ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠤᠯᠤᠰ ᠤᠨ ᠲᠡᠰ ᠤᠨ ᠣᠳᠣᠬᠢᠴᠢᠯᠠᠭᠰᠠᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠳᠡᠭᠡᠷ᠎ᠡ ᠬᠦᠴᠦ ᠲᠠᠯᠪᠢᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ︔ ᠡᠪᠡᠰᠦᠨ ᠤ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠦᠴᠦ ᠣᠷᠣᠭᠤᠯᠵᠤ᠂ ︽ᠲᠣᠮᠣ ᠢᠳᠡᠭᠡᠨ ᠤ ᠦᠵᠡᠯᠲᠡ︾ ᠶᠢ ᠪᠠᠲᠤ ᠪᠤᠢ ᠪᠣᠯᠭᠠᠵᠤ᠂ ᠬᠡᠯᠬᠢᠶᠡᠵᠢᠯ ᠤᠨ ᠰᠡᠳᠬᠢᠬᠦᠢ ᠪᠠᠷ ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ︽ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ᠂ ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠭᠰᠠᠨ ᠡᠵᠡᠩᠨᠡᠯᠲᠡ ᠶᠢᠨ ᠵᠠᠭᠪᠤᠷ ᠢ ᠠᠬᠢᠭᠤᠯᠬᠤ ᠬᠡᠷᠡᠭᠲᠡᠢ︔ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠬᠢᠯᠠᠰ ᠴᠡᠭ ᠭᠠᠷᠭᠠᠵᠤ᠂ ᠬᠤᠪᠢᠰᠬᠠᠯ ᠤᠨ ᠭᠧᠨ ᠳᠤ ᠰᠠᠭᠤᠷᠢᠯᠠᠵᠤ᠂ ᠠᠮᠢ ᠠᠬᠤᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠨᠢᠭᠡ ᠪᠦᠯᠦᠭ ᠣᠨᠴᠠᠯᠢᠭᠲᠤ ᠵᠢᠵᠢᠭ ᠪᠠᠯᠭᠠᠰᠤ ᠶᠢ ᠪᠦᠲᠦᠭᠡᠨ ᠪᠠᠶᠢᠭᠤᠯᠵᠤ ᠂ ᠬᠥᠳᠡᠭᠡ ᠲᠣᠰᠬᠤᠨ ᠤ ᠬᠦᠭᠵᠢᠯ ᠮᠠᠨᠳᠤᠯᠲᠠ ᠶᠢᠨ ᠵᠠᠭᠪᠤᠷ ᠢ ᠡᠭᠦᠳᠦᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
2.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠦᠩ ᠮᠢᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ︔ ᠬᠢᠩᠭᠠᠨ ᠠᠶᠢᠮᠠᠭ ᠤᠨ ᠵᠠᠬᠢᠷᠭ᠎ᠠ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠪᠠᠭ ᠤᠨ ᠪᠦᠷᠢᠯᠳᠦᠭᠦᠨ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ︔ ᠬᠤᠰᠢᠭᠤ ᠰᠢᠶᠠᠨ ︵ᠬᠤᠲᠠ︶ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号