ᠭᠦᠸᠧ ᠵᠠᠨ ᠵᠢᠶᠠᠩ ᠱᠦᠵᠢ ᠪᠡᠭᠡᠵᠢᠩ ᠳᠤ ᠬᠤᠳᠠᠯᠳᠤᠭᠠᠴᠢᠨ ᠤᠷᠢᠵᠤ ᠵᠣᠯᠭᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/10
      2 ᠰᠠᠷ᠎ᠠ ᠶᠢᠨ 7— 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠦᠸᠧ ᠵᠠᠨ ᠵᠢᠶᠠᠩ ᠨᠠᠷ ᠪᠡᠭᠡᠵᠢᠩ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠬ᠎ᠠ ᠳᠡᠯᠭᠡᠭᠦᠷ ᠬᠢᠭᠡᠳ ᠮᠡᠳᠡᠭᠡ ᠵᠠᠩᠭᠢᠵᠢᠯᠲᠠ ᠶᠢᠨ ᠵᠤᠷᠭᠠᠨ᠂ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠨᠡᠶᠢᠭᠡᠮᠯᠢᠭ ᠲᠠᠢ ᠲᠤᠰ ᠪᠦᠷᠢ ᠵᠣᠯᠭᠠᠭᠤᠯᠵᠤ᠂ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠥᠪᠥᠷ ᠮᠣᠩᠭᠤᠯ ᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠡᠭᠦᠷᠭᠡ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠣᠳᠣᠬᠢ ᠪᠠᠶᠢᠳᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠳᠤ ᠣᠷᠣᠰᠢᠵᠤ ᠪᠠᠶᠢᠭ᠎ᠠ ᠠᠰᠠᠭᠤᠳᠠᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠭ᠎ᠠ ᠪᠠ ᠰᠤᠳᠤᠯᠤᠨ ᠶᠠᠷᠢᠯᠴᠠᠪᠠ᠃
图1.jpg
       ᠭᠦᠸᠧ ᠵᠠᠨ ᠵᠢᠶᠠᠩ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠬ᠎ᠠ ᠳᠡᠯᠭᠡᠭᠦᠷ ᠬᠢᠭᠡᠳ ᠮᠡᠳᠡᠭᠡ ᠵᠠᠩᠭᠢᠵᠢᠯᠲᠠ ᠶᠢᠨ ᠵᠤᠷᠭᠠᠨ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠨᠡᠶᠢᠭᠡᠮᠯᠢᠭ ᠤᠨ ᠤᠯᠠᠨ ᠵᠢᠯ ᠤᠨ ᠲᠤᠷᠰᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠪᠣᠯᠣᠨ ᠠᠩᠬᠠᠷᠤᠯ ᠳᠤ ᠲᠠᠯᠠᠷᠬᠠᠵᠤ ᠪᠠᠶᠢᠭ᠎ᠠ ᠰᠡᠳᠬᠢᠯᠭᠡ ᠪᠠᠨ ᠢᠯᠡᠳᠬᠡᠭᠰᠡᠨ ᠤ ᠬᠠᠮᠳᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠲᠤᠰᠬᠠᠢ ᠮᠡᠷᠭᠡᠵᠢᠯ ᠤᠨ ᠨᠡᠶᠢᠭᠡᠮᠯᠢᠭ ᠤᠨ ᠬᠢᠨ ᠬᠤᠶᠢᠰᠢᠳᠠ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠨᠡᠩ ᠢᠯᠡᠭᠦᠦ ᠠᠩᠬᠠᠷᠴᠤ ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠦᠷᠦ ᠶᠢᠨ ᠪᠣᠳᠣᠯᠭ᠎ᠠ ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠨᠡᠷᠡᠲᠦ ᠲᠡᠮᠳᠡᠭ ᠢ ᠬᠠᠪᠰᠤᠷᠤᠨ ᠲᠡᠳᠬᠦᠬᠦ ᠂ ᠰᠣᠳᠣᠨ  ᠨᠡᠷᠡᠲᠦ ᠲᠡᠮᠳᠡᠭ ᠢ ᠪᠣᠶᠢᠵᠢᠭᠤᠯᠬᠤ ᠂ ᠵᠠᠬ᠎ᠠ ᠳᠡᠯᠭᠡᠭᠦᠷ ᠤᠨ ᠠᠷᠭ᠎ᠠ ᠵᠠᠮ ᠢ ᠥᠷᠭᠡᠳᠬᠡᠬᠦ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠪᠠᠷ ᠨᠡᠩ ᠢᠯᠡᠭᠦᠦ ᠳᠡᠮᠵᠢᠯᠭᠡ ᠦᠵᠡᠭᠦᠯᠬᠦ ᠶᠢ ᠬᠦᠰᠡᠪᠡ ᠃
图2.jpg
       ᠪᠡᠭᠡᠵᠢᠩ ᠳᠤ ᠪᠠᠶᠢᠬᠤ ᠬᠤᠭᠤᠴᠠᠭᠠᠨ ᠳᠠᠭᠠᠨ ᠂ ᠭᠦᠸᠧ ᠵᠠᠨ ᠵᠢᠶᠠᠩ ᠤᠲᠤᠭ ᠬᠤᠰᠢᠭᠤᠨ ᠤ ᠬᠥᠳᠡᠭᠡ ᠲᠣᠰᠬᠤᠨ ᠤ ᠬᠦᠭᠵᠢᠨ ᠮᠠᠨᠳᠤᠯᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠴᠣᠭᠴᠠ ᠶᠢ ᠪᠦᠲᠦᠭᠡᠨ ᠪᠠᠶᠢᠭᠤᠯᠬᠤ ᠠᠷᠪᠠᠰ ᠤᠨ ᠴᠠᠭᠠᠨ ᠢᠮᠠᠭ᠎ᠠ ᠲᠡᠵᠢᠭᠡᠨ ᠦᠷᠡᠵᠢᠭᠦᠯᠬᠦ ᠂ ᠦᠬᠡᠷ ᠬᠤᠨᠢ ᠨᠢᠲᠤᠯᠬᠤ ᠂ ᠬᠦᠢᠲᠡᠨ ᠬᠡᠯᠬᠢᠶᠡᠲᠦ ᠪᠤᠳᠠᠰ ᠤᠨ ᠭᠦᠢᠯᠭᠡᠭᠡ ᠂ ᠡᠪᠡᠰᠦ ᠪᠣᠷᠳᠤᠭ᠎ᠠ ᠡᠳ᠋ᠰᠢᠭᠦᠯᠬᠦ ᠂ ᠣᠷᠭᠠᠨᠢᠭ ᠪᠣᠷᠳᠣᠭᠤᠷ ᠡᠳ᠋ᠰᠢᠭᠦᠯᠬᠦ ᠂ ᠮᠠᠯ ᠠᠵᠤ ᠠᠬᠤᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠦᠷᠦᠯ ᠵᠦᠢᠯ ᠢ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠵᠣᠯᠭᠠᠭᠤᠯᠵᠤ ᠂ ᠲᠦᠷᠦᠯ ᠵᠦᠢᠯ ᠤᠨ ᠲᠥᠯᠦᠪᠵᠢᠭᠦᠯᠭᠡ ᠂ ᠮᠡᠷᠭᠡᠵᠢᠯ ᠤᠨ ᠳᠡᠮᠵᠢᠯᠭᠡ ᠂ ᠣᠷᠴᠢᠯ ᠠᠵᠤ ᠠᠬᠤᠢ ᠶᠢᠨ ᠵᠠᠭᠪᠤᠷ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠠᠢ ᠃
图3.jpg
       ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠰᠲ᠋ᠣᠺ ᠡᠵᠡᠮᠳᠡᠬᠦ ᠪᠠ ᠰᠢᠶᠠᠨ ᠵᠧᠩ ᠳ᠋ᠡ ᠪᠦᠯᠦᠭᠯᠡᠯ ᠳᠤ᠂ ᠭᠦᠸᠧ ᠵᠠᠨ ᠵᠢᠶᠠᠩ ᠨᠠᠷ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ MAP ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠦᠷᠢᠶᠡᠯᠡᠩ ᠤᠨ ᠲᠦᠷᠦᠯ ᠵᠦᠢᠯ ᠤᠨ ᠪᠠᠶᠢᠳᠠᠯ ᠪᠣᠯᠣᠨ ᠥᠪᠥᠷ ᠮᠣᠩᠭᠤᠯ ᠤᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠰᠣᠨᠣᠰᠤᠭᠰᠠᠨ ᠤ ᠳᠠᠷᠠᠭ᠎ᠠ᠂ MAP ᠲᠦᠷᠦᠯ ᠵᠦᠢᠯ ᠢ ᠥᠪᠥᠷ ᠮᠣᠩᠭᠤᠯ ᠳᠤ ᠨᠠᠶᠢᠳᠠᠪᠤᠷᠢᠵᠢᠭᠤᠯᠬᠤ ᠳᠤ ᠭᠠᠵᠠᠷ ᠣᠷᠣᠨ ᠤ ᠠᠵᠤ ᠦᠢᠯᠡᠰ ᠤᠨ ᠣᠨᠴᠠᠯᠢᠭ ᠪᠣᠯᠣᠨ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠲᠠᠢ ᠤᠶᠠᠯᠳᠤᠭᠤᠯᠤᠨ ᠵᠣᠬᠢᠰᠲᠠᠢ ᠲᠥᠯᠦᠪᠵᠢᠭᠦᠯᠭᠡ ᠬᠢᠵᠦ ᠂ ᠡᠬᠢ ᠪᠠᠶᠠᠯᠢᠭ ᠪᠣᠯᠣᠨ ᠮᠡᠷᠭᠡᠵᠢᠯ ᠤᠨ ᠳᠠᠪᠠᠭᠤᠯᠢᠭ ᠢ ᠪᠦᠲᠦᠮᠵᠢᠲᠡᠢ ᠠᠰᠢᠭᠯᠠᠨ ᠣᠶᠤᠨᠲᠤ ᠲᠠᠷᠢᠶᠠᠯᠠᠩ ᠢ ᠪᠦᠲᠦᠭᠡᠨ ᠪᠠᠶᠢᠭᠤᠯᠵᠤ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠪᠦᠲᠦᠮᠵᠢᠲᠡᠢ ᠲᠤᠯᠭᠠᠭᠤᠷᠢᠯᠠᠯ ᠬᠠᠩᠭᠠᠨ᠎ᠠ ᠭᠡᠵᠦ ᠢᠯᠡᠷᠬᠡᠶᠢᠯᠡᠪᠡ ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠦ᠋ ᠰᠢᠶᠠᠩ ᠯᠢᠶᠠᠩ ᠵᠢᠴᠢ ᠬᠠᠮᠢᠶ᠎ᠠ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠨ ᠨᠥᠬᠦᠳ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠣᠯᠭᠠᠭᠤᠯᠬᠤ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号