ᠭᠦᠸᠧ ᠵᠠᠨ ᠵᠢᠶᠠᠩ ᠱᠦᠵᠢ ᠲᠦᠮᠡᠳ ᠵᠡᠭᠦᠨ ᠬᠤᠰᠢᠭᠤᠨ ᠳᠤ ᠬᠦᠷᠴᠦ ᠲᠥᠬᠦᠭᠡᠷᠦᠮᠵᠢᠲᠦ ᠲᠠᠷᠢᠶᠠᠯᠠᠩ ᠪᠣᠯᠣᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/13
      2 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠦᠸᠧ ᠵᠠᠨ ᠵᠢᠶᠠᠩ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ ᠬᠦᠷᠴᠦ ᠲᠥᠬᠦᠭᠡᠷᠦᠮᠵᠢᠲᠦ ᠲᠠᠷᠢᠶᠠᠯᠠᠩ ᠪᠣᠯᠣᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠦ᠋ ᠰᠢᠶᠠᠩ ᠯᠢᠶᠠᠩ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠼᠤᠤ ᠰᠧ ᠶᠠᠩ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠧᠢ ᠬᠤᠩ ᠵᠢᠶᠦ᠋ᠨ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠣᠯᠤᠨ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
1.jpg
       ᠭᠦᠸᠧ ᠵᠠᠨ ᠵᠢᠶᠠᠩ ᠨᠠᠷ ᠤᠷᠢᠳ ᠬᠤᠵᠢᠳ ᠲᠦᠮᠡᠳ ᠵᠡᠭᠦᠨ ᠬᠤᠰᠢᠭᠤᠨ ᠤ ᠲᠠ ᠪᠦ᠋ ᠰᠠᠢ ᠰᠢᠶᠠᠩ ᠤᠨ ᠵᠠᠩ ᠹᠠᠩ ᠲᠣᠰᠬᠤᠨ ᠤ ᠵᠦᠩ ᠬᠤᠸᠠ ᠲᠥᠪᠡᠳ ᠬᠠᠰᠢ ᠲᠠᠷᠢᠬᠤ ᠰᠠᠭᠤᠷᠢᠨ ᠭᠠᠵᠠᠷ ᠂ ᠠᠯᠲᠠᠨ ᠤ ᠲᠥᠬᠦᠭᠡᠷᠦᠮᠵᠢᠲᠦ ᠭᠦᠵᠡᠯᠵᠡᠭᠡᠨ᠎ᠡ ᠲᠠᠷᠢᠬᠤ ᠰᠠᠭᠤᠷᠢᠨ ᠭᠠᠵᠠᠷ ᠂ ᠵᠦᠩ ᠬᠤᠸᠠ MAP-ᠠᠯᠲᠠᠨ ᠤ ᠬᠠᠮᠲᠤᠷᠠᠯᠴᠠᠭᠠᠨ ᠤ ᠲᠦᠷᠦᠯ ᠵᠦᠢᠯ ᠂ ᠲᠦᠮᠡᠳ ᠵᠡᠭᠦᠨ ᠬᠤᠰᠢᠭᠤᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠳᠤ ᠪᠠᠶᠢᠴᠠᠭᠠᠨ ᠰᠤᠳᠤᠯᠤᠯᠲᠠ ᠬᠢᠵᠦ ᠂ ᠲᠥᠬᠦᠭᠡᠷᠦᠮᠵᠢᠲᠦ ᠲᠠᠷᠢᠶᠠᠯᠠᠩ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠂ ᠵᠦᠩ ᠬᠤᠸᠠ ᠪᠦᠯᠦᠭᠯᠡᠯ ᠤᠨ ᠲᠤᠬᠠᠢ ᠶᠢᠨ ᠭᠠᠵᠠᠷ ᠲᠤ ᠬᠠᠩᠭᠠᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠳᠠᠯ ᠢ ᠨᠠᠷᠢᠨ ᠣᠶᠢᠯᠠᠭᠠᠪᠠ ᠃      ᠭᠦᠸᠧ ᠵᠠᠨ ᠵᠢᠶᠠᠩ ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠂ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ ᠂ ᠵᠢᠵᠢᠭ ᠲᠠᠷᠢᠶᠠᠴᠢᠨ ᠡᠷᠦᠭᠡ ᠪᠣᠯᠣᠨ ᠤᠳᠤ ᠦᠶ᠎ᠡ ᠶᠢᠨ ᠲᠠᠷᠢᠶᠠᠯᠠᠩ ᠢ ᠣᠷᠭᠠᠨᠢᠭ ᠢᠶᠠᠷ ᠵᠣᠯᠭᠠᠭᠤᠯᠬᠤ ᠶᠢ ᠪᠡᠶᠡᠯᠡᠭᠦᠯᠬᠦ ᠦᠨᠳᠦᠰᠦᠨ ᠠᠷᠭ᠎ᠠ ᠵᠠᠮ ᠪᠣᠯᠣᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠃ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠢ ᠶᠡᠬᠡᠪᠡᠷ ᠬᠥᠭᠵᠢᠭᠦᠯᠵᠦ᠂ ᠵᠦᠩ ᠬᠤᠸᠠ ᠵᠡᠷᠭᠡ ᠠᠵᠤ ᠠᠬᠤᠶᠢᠯᠠᠯ ᠤᠳ ᠮᠠᠨ ᠤ ᠣᠷᠣᠨ ᠳᠤ ᠠᠳᠠᠯᠢ ᠪᠤᠰᠤ ᠵᠠᠭᠪᠤᠷ ᠢ ᠦᠢᠯᠡᠳᠦᠯᠭᠡᠵᠢᠬᠦᠯᠦᠭᠡᠳ ᠮᠠᠰᠢ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ ᠵᠦᠩ ᠬᠤᠸᠠ MAP-ᠠᠯᠲᠠᠨ ᠤ ᠬᠠᠮᠲᠤᠷᠠᠯᠴᠠᠭᠠᠨ ᠤ ᠲᠦᠷᠦᠯ ᠵᠦᠢᠯ ᠤᠨ ᠠᠯᠤᠰ ᠢᠷᠡᠭᠡᠳᠦᠢ ᠮᠠᠰᠢ ᠰᠠᠶᠢᠨ ᠪᠠᠶᠢᠨ᠎ᠠ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠪᠦᠬᠦ ᠬᠦᠴᠦᠨ ᠢᠶᠠᠷ ᠢᠶᠠᠨ ᠳᠡᠮᠵᠢᠵᠦ ᠂ ᠴᠢᠩᠭ᠎ᠠ ᠠᠳᠬᠤᠨ ᠱᠠᠯᠠᠪᠳᠠᠨ ᠠᠵᠢᠯᠯᠠᠵᠤ ᠂ ᠡᠷᠲᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠪᠠᠷ ᠴᠢᠷᠮᠠᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
2.jpg
       ᠭᠦᠸᠧ ᠵᠠᠨ ᠵᠢᠶᠠᠩ ᠴᠢᠬᠤᠯᠠᠴᠢᠯᠠᠬᠤ ᠳᠠᠭᠠᠨ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠠᠵᠤ ᠦᠢᠯᠡᠰ ᠤᠨ ᠨᠡᠶᠢᠭᠡᠮᠴᠢᠯᠡᠭᠰᠡᠨ ᠦᠢᠯᠡᠴᠢᠯᠡᠭᠡ ᠳᠤ ᠲᠣᠬᠢᠷᠠᠮᠵᠢᠲᠠᠢ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠣᠯᠣᠨ ᠡᠵᠡᠩᠨᠡᠯᠲᠡ ᠶᠢᠨ ᠵᠠᠭᠪᠤᠷ ᠢ ᠬᠦᠴᠦ ᠲᠠᠯᠪᠢᠨ ᠰᠦᠪᠡᠭᠴᠢᠯᠡᠵᠦ᠂ ᠨᠢᠭᠡ ᠪᠦᠯᠦᠭ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠨᠡᠶᠢᠲᠡᠯᠢᠭ ᠲᠤᠷᠰᠢᠯᠭ᠎ᠠ ᠶᠢ ᠳ᠋ᠦᠩᠨᠡᠵᠦ᠂ ᠦᠢᠯᠡᠴᠢᠯᠡᠭᠡᠨ ᠤ ᠬᠦᠷᠢᠶ᠎ᠡ ᠴᠠᠷᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ ᠦᠢᠯᠡᠴᠢᠯᠡᠭᠡᠨ ᠤ ᠬᠡᠯᠬᠢᠶ᠎ᠡ ᠶᠢ ᠤᠷᠲᠤᠳᠬᠠᠵᠤ ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠢᠵᠢᠭ ᠲᠠᠷᠢᠶᠠᠴᠢᠨ ᠡᠷᠦᠭᠡ ᠶᠢ ᠵᠣᠬᠢᠶᠠᠨ ᠪᠠᠶᠢᠭᠤᠯᠵᠤ ᠂ ᠠᠶᠤᠯ ᠲᠦᠭᠰᠢᠭᠦᠷᠢ ᠶᠢ ᠬᠠᠮᠲᠤᠪᠠᠷ ᠡᠭᠦᠷᠭᠡᠯᠡᠬᠦ ᠂ ᠠᠰᠢᠭ ᠲᠤᠰᠠ ᠶᠢ ᠬᠠᠮᠲᠤᠪᠠᠷ ᠡᠳ᠋ᠯᠡᠬᠦ ᠬᠤᠯᠪᠣᠯᠳᠤᠭᠰᠠᠨ ᠲᠣᠭᠲᠠᠴᠠ ᠶᠢ ᠪᠦᠷᠢᠯᠳᠦᠭᠦᠯᠵᠦ ᠂ ᠡᠮᠦᠨ᠎ᠡ ᠦᠵᠦᠭᠦᠷ ᠤᠨ ᠦᠢᠯᠡᠳᠪᠦᠷᠢᠯᠡᠯ ᠤᠨ ᠠᠰᠠᠭᠤᠳᠠᠯ ᠢ ᠪᠣᠳᠣᠯᠬᠢᠯᠠᠬᠤ ᠬᠡᠷᠡᠭᠲᠡᠢ ᠮᠥᠷᠲᠡᠭᠡᠨ ᠨᠡᠩ ᠴᠤ ᠪᠣᠷᠤᠯᠠᠭᠤᠯᠭ᠎ᠠ ᠶᠢᠨ ᠠᠷᠭ᠎ᠠ ᠵᠠᠮ ᠪᠣᠯᠣᠨ ᠨᠡᠷᠡᠲᠦ ᠲᠡᠮᠳᠡᠭ ᠤᠨ ᠪᠠᠶᠢᠭᠤᠯᠤᠯᠲᠠ ᠶᠢᠨ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠪᠣᠳᠣᠯᠬᠢᠯᠠᠵᠤ ᠂ ︽ ᠦᠢᠯᠡᠳᠪᠦᠷᠢᠯᠡᠯ ᠢ ᠴᠢᠬᠤᠯᠠᠴᠢᠯᠠᠵᠤ ᠡᠵᠡᠩᠨᠡᠯᠲᠡ ᠶᠢ ᠴᠢᠬᠤᠯᠠᠴᠢᠯᠠᠬᠤ ᠦᠭᠡᠢ ︾ ᠣᠶᠢᠯᠠᠭᠠᠭᠳᠠᠬᠤᠨ ᠢ ᠦᠨᠡᠨᠬᠦ ᠬᠤᠪᠢᠷᠠᠭᠤᠯᠵᠤ ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠬᠥᠲᠥᠯᠥᠨ ᠳᠠᠭᠠᠭᠤᠯᠬᠤ ᠰᠢᠨ᠎ᠡ ᠵᠠᠮ ᠢ ᠨᠡᠭᠡᠭᠡᠬᠦ ᠬᠡᠷᠡᠭᠲᠡᠢ ᠭᠡᠪᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号