ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠪᠡᠯᠡ ᠮᠥᠩᠭᠦ ᠶᠢ 15 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠪᠠ
ᠨᠡᠶᠢᠲᠡᠯᠡᠭᠰᠡᠨ ᠴᠠᠭ᠄
2023/2/13
      ᠣᠳᠣᠬᠠᠨ ᠳᠤ᠂ ᠮᠠᠨ ᠤ ᠣᠷᠣᠨ ᠨᠢᠭᠡᠨᠲᠡ 15 ᠳ᠋ᠦᠩᠰᠢᠭᠤᠷ ᠲᠥᠭᠦᠷᠢᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠪᠡᠯᠡ ᠮᠥᠩᠭᠦ ᠶᠢ ᠤᠷᠢᠳᠴᠢᠯᠠᠨ ᠪᠠᠭᠤᠯᠭᠠᠵᠤ᠂ 2022 ᠣᠨ ᠤ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠪᠠᠯ᠂ ᠡᠯ᠎ᠡ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠪᠦᠬᠦᠨ ᠢ ᠲᠥᠪ ᠪᠣᠯᠣᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠬᠦ ᠪᠣᠯᠣᠨ᠎ᠠ᠃      ᠣᠶᠢᠯᠠᠭᠠᠭᠰᠠᠨ ᠢᠶᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢ ᠨᠡᠩ ᠰᠠᠶᠢᠳᠤᠷ ᠴᠢᠩᠭᠠᠳᠬᠠᠵᠤ᠂ ᠪᠡᠯᠡ ᠮᠥᠩᠭᠦ ᠶᠢ ᠰᠢᠬᠠᠨ ᠡᠵᠡᠯᠡᠵᠦ ᠰᠢᠯᠵᠢᠭᠦᠯᠦᠨ ᠬᠡᠷᠡᠭᠯᠡᠬᠦ ᠶᠢ ᠰᠡᠷᠭᠡᠶᠢᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠠᠯ᠎ᠠ ᠪᠠᠷ ᠬᠢ ᠬᠡᠷᠡᠭᠴᠡᠭᠡ ᠶᠢ ᠪᠦᠲᠦᠮᠵᠢᠲᠡᠶ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠪᠡᠯᠡ ᠮᠥᠩᠭᠦ ᠵᠠᠷᠤᠴᠠᠭᠤᠯᠬᠤ ᠠᠬᠢᠴᠠ ᠶᠢ ᠲᠦᠷᠭᠡᠳᠬᠡᠬᠦ ᠶᠢᠨ ᠲᠤᠰᠠᠳᠠ᠂ 2022 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠠᠷᠠᠳ ᠤᠨ ᠪᠠᠩᠬᠢ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠪᠡᠯᠡ ᠮᠥᠩᠭᠦ ᠶᠢᠨ ᠳᠠᠩᠰᠠᠨ ᠡᠷᠦᠭᠡ ᠨᠡᠭᠡᠭᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠤᠰᠬᠠᠢ ᠳᠠᠩᠰᠠᠨ ᠡᠷᠦᠭᠡ ᠪᠠᠷ ᠬᠠᠮᠢᠶᠠᠷᠬᠤ᠂ ᠪᠢᠲᠡᠭᠦᠮᠵᠢᠯᠡᠨ ᠠᠵᠢᠯᠯᠠᠭᠤᠯᠬᠤ᠂ ᠲᠤᠰᠠᠭᠠᠷ ᠰᠢᠯᠵᠢᠭᠦᠯᠦᠨ ᠥᠭᠬᠦ᠂ ᠲᠤᠰᠠᠭᠠᠷ ᠢᠯᠭᠠᠷᠠᠭᠤᠯᠤᠨ ᠪᠣᠳᠣᠬᠤ᠂ ᠪᠢᠲᠡᠭᠦᠦ ᠴᠠᠭᠠᠷᠢᠭ ᠢᠶᠠᠷ ᠬᠠᠮᠢᠶᠠᠷᠬᠤ ᠶᠢ ᠪᠡᠶᠡᠯᠡᠭᠦᠯᠵᠦ᠂ ᠪᠠᠷᠢᠯᠭ᠎ᠠ ᠶᠢᠨ ᠨᠢᠭᠡᠴᠢ ᠶᠢᠨ ᠪᠠᠷᠢᠯᠭ᠎ᠠ ᠶᠢᠨ ᠠᠵᠢᠯ ᠤᠨ ᠪᠡᠯᠡ ᠮᠦᠩᠭᠬᠦ ᠶᠢ ᠬᠤᠶᠢᠰᠢᠯᠠᠭᠤᠯᠵᠤ ᠥᠷᠢᠲᠦᠬᠦ ᠦᠭᠡᠢ᠂ ᠬᠥᠯᠥᠰᠦᠨ ᠠᠵᠢᠯᠴᠢᠨ ᠤ ᠴᠠᠯᠢᠩ ᠢ ᠴᠠᠭ ᠲᠤᠬᠠᠢ ᠳᠤ ᠨᠢ ᠣᠯᠭᠤᠬᠤ ᠶᠢ ᠪᠠᠲᠤᠯᠠᠪᠠ᠃ ᠲᠤᠰᠬᠠᠢ ᠪᠡᠯᠡ ᠮᠦᠩᠬᠦ ᠶᠢ ᠲᠤᠰᠬᠠᠢ ᠵᠦᠢᠯ ᠳᠤ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠤᠨ ᠪᠠᠲᠤᠯᠠᠭ᠎ᠠ ᠳᠣᠣᠷ᠎ᠠ᠂ 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠬᠦ ᠠᠬᠢᠴᠠ ᠪᠣᠯᠣᠨ ᠪᠡᠯᠡ ᠮᠥᠩᠭᠦ ᠳᠥᠯᠥᠬᠦ ᠠᠬᠢᠴᠠ ᠴᠥᠮ ᠶᠡᠭᠡ ᠪᠠᠷ ᠳᠡᠭᠡᠭᠰᠢᠯᠡᠵᠦ᠂ ᠨᠠᠩ ᠣᠯᠠᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠥᠷᠭᠡᠨ ᠣᠯᠠᠨ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠦᠷᠭᠦᠯᠵᠢᠯᠡᠨ ᠳᠠᠶᠢᠴᠢᠯᠠᠭᠰᠠᠨ ᠪᠠᠶᠢᠨ᠎ᠠ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号