ᠬᠤᠶᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠣᠨᠢᠨ ᠮᠡᠳᠡᠭᠡ︾ ᠶᠢᠨ ᠱᠠᠩᠨᠠᠯ ᠭᠥᠷᠳᠡᠭᠰᠡᠨ ᠪᠦᠲᠦᠭᠡᠯ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/2/16
      ︽ᠬᠤᠶᠠᠳᠤᠭᠠᠷ ᠬᠤᠭᠤᠴᠠᠭᠠᠨ ᠤ ︿ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠣᠨᠢᠨ ᠮᠡᠳᠡᠭᠡ ﹀  ᠶᠢ ᠰᠢᠯᠭᠠᠷᠠᠭᠤᠯᠬᠤ ᠲᠤᠬᠠᠢ ᠮᠡᠳᠡᠭᠳᠡᠯ︾ ᠤᠨ ᠶᠣᠰᠣᠭᠠᠷ᠂ ᠡᠯ᠎ᠡ ᠵᠠᠭᠤᠴᠢᠯᠠᠭᠤᠷ ᠤᠨ ᠨᠢᠭᠡᠴᠢ ᠶᠢᠨ ᠪᠠᠲᠤᠯᠠᠨ ᠲᠠᠨᠢᠯᠴᠠᠭᠤᠯᠵᠤ ᠬᠢᠨᠠᠨ ᠬᠠᠷᠭᠤᠭᠤᠯᠵᠤ  ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠶᠡᠷᠦᠩᠬᠡᠶᠢᠯᠡᠨ ᠬᠢᠨᠠᠨ ᠰᠢᠯᠭᠠᠷᠠᠭᠤᠯᠬᠤ ᠪᠠᠷ ᠳᠠᠮᠵᠢᠭᠠᠳ ᠂ 55 ᠬᠤᠪᠢ ᠰᠣᠨᠢᠨ ᠮᠡᠳᠡᠭᠡᠨ ᠤ ᠪᠦᠲᠦᠭᠡᠯ ᠢ ᠬᠥᠬᠢᠭᠦᠯᠦᠨ ᠰᠠᠶᠢᠰᠢᠶᠠᠬᠤ ᠪᠦᠲᠦᠭᠡᠯ ᠪᠣᠯᠭᠠᠬᠤ ᠪᠠᠷ ᠳᠤᠭᠳᠠᠭᠠᠪᠠ᠂ ᠡᠳᠦᠭᠡ ᠱᠠᠩᠨᠠᠯ ᠤᠯᠭᠤᠬᠤ ᠪᠦᠲᠦᠭᠡᠯ ᠢ ᠢᠯᠡ ᠨᠡᠶᠢᠲᠡᠯᠡᠪᠡ ᠃      ᠢᠯᠡ ᠨᠡᠶᠢᠲᠡᠯᠡᠬᠦ ᠬᠤᠭᠤᠴᠠᠭ᠎ᠠ ᠨᠢ 2023 ᠣᠨ ᠤ 2 ᠰᠠᠷ᠎ᠠ ᠶᠢᠨ 15 ᠤ ᠡᠳᠦᠷ ᠠᠴᠠ 21 ᠤ ᠡᠳᠦᠷ ᠪᠣᠯᠲᠠᠯ᠎ᠠ᠂ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠪᠦᠲᠦᠭᠡᠯ ᠳᠤ ᠣᠨᠳᠣᠣ ᠰᠠᠨᠠᠯ ᠲᠠᠢ ᠪᠠᠶᠢᠪᠠᠯ᠂ ᠢᠯᠡ ᠨᠡᠶᠢᠲᠡᠯᠡᠬᠦ ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠳᠤᠰᠬᠠᠭᠠᠷᠠᠢ ᠂ ᠬᠡᠯᠪᠡᠷᠢ ᠮᠠᠶ᠋ᠢᠭ ᠨᠢ ᠤᠲᠠᠰᠤ ᠂ ᠵᠠᠬᠢᠳᠠᠯ᠂ ᠢᠮᠧᠯ ᠪᠠᠶᠢᠵᠤ᠂ ᠬᠦᠷᠦᠭᠰᠡᠨ ᠡᠳᠦᠷ ᠢᠶᠠᠷ ᠪᠠᠷᠢᠮᠵᠢᠶ᠎ᠠ ᠪᠣᠯᠭᠠᠨ᠎ᠠ᠃ ᠨᠢᠭᠡᠴᠢ ᠶᠢᠨ ᠨᠡᠷ᠎ᠡ ᠪᠠᠷ ᠪᠠᠶᠢᠳᠠᠯ ᠢ ᠲᠤᠰᠬᠠᠬᠤ ᠳᠤ ᠨᠢᠭᠡᠴᠢ ᠶᠢᠨ ᠠᠯᠪᠠᠨ ᠲᠠᠮᠠᠭ᠎ᠠ ᠳᠠᠷᠤᠵᠤ ᠂ ᠬᠤᠪᠢ ᠬᠥᠮᠥᠨ ᠤ ᠨᠡᠷ᠎ᠡ ᠪᠠᠷ ᠪᠠᠶᠢᠳᠠᠯ ᠢ ᠲᠤᠰᠬᠠᠬᠤ ᠳᠤ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ ᠪᠠᠨ ᠬᠠᠩᠭᠠᠬᠤ ᠬᠡᠷᠡᠭᠲᠡᠢ᠃      ᠬᠠᠷᠢᠯᠴᠠᠬᠤ ᠤᠲᠠᠰᠤ᠄ 0471-6651894      ᠵᠠᠬᠢᠳᠠᠯ ᠨᠡᠪᠲᠡᠷᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ      ᠰᠢᠤᠳᠠᠨ ᠳ᠋ᠤᠭᠠᠷ᠄ 010010      ᠢᠮᠧᠯ ᠄ 1766296427@qq.com      ᠳᠠᠭᠠᠯᠳᠤᠭᠤᠯᠤᠯ᠄ ᠬᠤᠶᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠣᠨᠢᠨ ᠮᠡᠳᠡᠭᠡ ︾ ᠶᠢᠨ ᠱᠠᠩᠨᠠᠯ ᠬᠦᠷᠲᠡᠭᠰᠡᠳ ᠤᠨ ᠨᠡᠷᠡᠰ                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                    ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                             2023 ᠣᠨ ᠤ 2 ᠰᠠᠷ᠎ᠠ ᠶᠢᠨ 15 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号