ᠮᠠᠯ ᠤᠨ ᠡᠮ ᠤᠨ GMP ᠬᠢᠷᠢ ᠲᠡᠩᠴᠡᠭᠰᠡᠨ ᠦᠢᠯᠡᠳᠪᠦᠷᠢᠯᠡᠯ ᠤᠨ ᠱᠤᠭᠤᠮ ᠢ ᠵᠥᠪᠰᠢᠶᠡᠷᠡᠬᠦ ᠪᠠᠷ ᠪᠠᠶᠢᠭ᠎ᠠ ᠪᠠᠶᠢᠳᠠᠯ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/2/2
      ︽ᠮᠠᠯ ᠤᠨ ᠡᠮ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ︵2020 ᠣᠨ ᠳᠤ ᠵᠠᠰᠠᠪᠤᠷᠢ ᠣᠷᠤᠭᠤᠯᠤᠭᠰᠠᠨ ︶︾᠂ ︽ᠮᠠᠯ ᠤᠨ ᠡᠮ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠪᠠᠶᠢᠴᠠᠭᠠᠵᠤ ᠰᠢᠯᠭᠠᠨ ᠠᠪᠬᠤ ᠠᠷᠭ᠎ᠠ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ GMP ᠪᠠᠶᠢᠴᠠᠭᠠᠵᠤ ᠰᠢᠯᠭᠠᠨ ᠠᠪᠬᠤ ᠠᠵᠢᠯ ᠤᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠶᠢᠨ ᠾᠧ ᠶᠢᠤ ᠪᠧᠨ ᠠᠮᠢᠳᠤ ᠪᠣᠳᠠᠰ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠠᠮᠢᠲ᠋ᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠡᠮ ᠦᠶᠯᠡᠳᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠣᠨ ᠥᠪᠥᠷ ᠮᠣᠩᠭᠤᠯ ᠤᠨ ᠶᠦᠩ ᠪᠠᠩ ᠡᠮ ᠤᠨ ᠦᠢᠯᠡᠰ ᠤᠨ ᠬᠢᠵᠠᠭᠠᠷᠲᠤ ᠺᠣᠮᠫᠠᠨᠢ  ᠨᠢ ᠮᠠᠯ ᠤᠨ ᠡᠮ ᠤᠨ GMP ᠲᠤᠬᠠᠢ ᠶᠢᠨ ᠲᠠᠯᠠᠪᠤᠷ ᠲᠤ ᠪᠠᠶᠢᠴᠠᠭᠠᠨ ᠰᠢᠯᠭᠠᠯᠲᠠ ᠳᠤ ᠬᠢᠷᠢ ᠲᠡᠩᠴᠡᠵᠦ ᠂ GMP ᠬᠢᠷᠢ ᠲᠡᠩᠴᠡᠭᠰᠡᠨ ᠦᠢᠯᠡᠳᠪᠦᠷᠢᠯᠡᠯ ᠤᠨ ᠱᠤᠭᠤᠮ ᠪᠣᠯᠬᠤ ᠶᠢ ᠵᠥᠪᠰᠢᠶᠡᠷᠡᠬᠦ ᠪᠠᠷ ᠪᠣᠶ᠂ ᠡᠳᠦᠭᠡ ᠢᠯᠡ ᠨᠡᠶᠢᠲᠡᠯᠡᠪᠡ ᠃      ᠢᠯᠡ ᠨᠡᠶᠢᠲᠡᠯᠡᠬᠦ ᠬᠤᠭᠤᠴᠠᠭ᠎ᠠ  ᠨᠢ 2023 ᠣᠨ ᠤ 2 ᠰᠠᠷ᠎ᠠ ᠶᠢᠨ 1 ᠤ ᠡᠳᠦᠷ ᠠᠴᠠ 2 ᠰᠠᠷ᠎ᠠ ᠶᠢᠨ 7 ᠤ ᠡᠳᠦᠷ ᠪᠣᠯᠲᠠᠯ᠎ᠠ ᠃ ᠬᠡᠷᠪᠡ ᠰᠠᠨᠠᠯ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ ᠬᠠᠷᠢᠭᠤ ᠳᠤᠰᠬᠠᠭᠠᠷᠠᠢ ᠃      ᠬᠠᠷᠢᠯᠴᠠᠬᠤ ᠬᠥᠮᠥᠨ᠄ ᠴᠧᠨ ᠬᠠᠢ ᠫᠢᠩ      ᠬᠢᠨᠠᠯᠲᠠ ᠲᠠᠯᠪᠢᠬᠤ ᠤᠲᠠᠰᠤ᠄ 0471-6651798      ᠹᠠᠺᠰ᠄ 0471-6652269      ᠬᠠᠶ᠋ᠢᠭ ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ 70 ᠳ᠋ᠤᠭᠠᠷ ᠨᠣᠮᠧᠷ      ᠳᠠᠭᠠᠯᠳᠤᠭᠤᠯᠤᠯ᠄ ᠮᠠᠯ ᠤᠨ ᠡᠮ ᠤᠨ GMP ᠲᠤᠬᠠᠢ ᠶᠢᠨ ᠲᠠᠯᠠᠪᠤᠷ ᠲᠤ ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠢ ᠢᠯᠡ ᠨᠡᠶᠢᠲᠡᠯᠡᠬᠦ ᠬᠦᠰᠦᠨᠦᠭᠲᠦ                                            ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                           ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                   2023 ᠣᠨ ᠤ 2 ᠰᠠᠷ᠎ᠠ ᠶᠢᠨ 1 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号