ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ︵ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ︶ ᠶᠢᠨ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ︵Slogan︶ ᠶᠢ ᠢᠯᠡ ᠪᠠᠷ ᠡᠯᠰᠡᠨ ᠴᠤᠭᠯᠠᠭᠤᠯᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/2/22
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠤᠬᠠᠭᠤᠯᠤᠨ ᠳᠡᠯᠭᠡᠷᠡᠭᠦᠯᠬᠦ ᠬᠡᠮᠵᠢᠶ᠎ᠡ᠂ ᠨᠠᠷᠠᠲᠤ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠨᠡᠶᠢᠭᠡᠮ ᠨᠡᠶᠢᠲᠡ ᠠᠴᠠ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ︵ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ︶ ᠶᠢᠨ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ︵Slogan︶ ᠶᠢ ᠢᠯᠡ ᠪᠠᠷ ᠡᠯᠰᠡᠨ ᠴᠤᠭᠯᠠᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠪᠠ᠃      ᠨᠢᠭᠡ᠂ ᠡᠯᠰᠡᠨ ᠴᠤᠭᠯᠠᠭᠤᠯᠬᠤ ᠠᠭᠤᠯᠭ᠎ᠠ      ᠡᠬᠡ ᠪᠢᠴᠢᠭ ᠥᠭᠭᠦᠭᠰᠡᠨ ᠪᠦᠲᠦᠭᠡᠯ ᠳᠤ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ︵ᠥᠰᠥᠭ ᠪᠢᠴᠢᠭ ᠤᠨ ᠠᠭᠤᠯᠭ᠎ᠠ᠂ ᠪᠠᠷᠢᠮᠵᠢᠶᠠᠲᠤ ᠥᠰᠥᠭ ᠤᠨ ᠲᠢᠭ᠂ ᠬᠡᠷᠡᠭᠯᠡᠭᠡᠨ ᠤ ᠥᠩᠭᠡ ᠪᠤᠳᠤᠭ︶᠂ ᠪᠦᠲᠦᠭᠡᠯᠴᠢ ᠲᠣᠳᠣᠷᠬᠠᠶᠢᠯᠠᠯᠲᠠ ᠪᠠ ᠵᠣᠬᠢᠶᠠᠭᠴᠢ ᠶᠢᠨ ᠪᠠᠶᠢᠳᠠᠯ ᠤᠨ ᠲᠣᠪᠴᠢ ᠲᠠᠨᠢᠯᠴᠠᠭᠤᠯᠭ᠎ᠠ ᠵᠡᠷᠭᠡ ᠭᠤᠷᠪᠠᠨ ᠬᠡᠰᠡᠭ ᠪᠠᠭᠲᠠᠨ᠎ᠠ᠃ ᠠᠭᠤᠯᠭ᠎ᠠ ᠨᠢ ᠤᠳᠬ᠎ᠠ ᠠᠭᠤᠯᠭ᠎ᠠ᠂ ᠰᠡᠳᠬᠢᠮᠵᠢ᠂ ᠵᠣᠬᠢᠶᠠᠨ ᠪᠦᠲᠦᠭᠡᠯᠭᠡ ᠶᠢᠨ ᠣᠶᠢᠯᠠᠭᠠᠭᠳᠠᠬᠤᠨ ᠵᠡᠷᠭᠡ ᠶᠢ ᠭᠦᠢᠴᠡᠳ ᠢᠯᠡᠳᠬᠡᠬᠦ ᠬᠡᠷᠡᠭᠲᠡᠢ᠃      ᠬᠤᠶᠠᠷ ᠂ ᠡᠯᠰᠡᠨ ᠴᠤᠭᠯᠠᠭᠤᠯᠬᠤ ᠴᠠᠭ      ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭ᠎ᠠ ᠶᠢᠨ ᠳᠠᠭᠤᠰᠬᠤ ᠴᠠᠭ ᠨᠢ 2023 ᠣᠨ ᠤ 3 ᠰᠠᠷ᠎ᠠ ᠶᠢᠨ 28 ᠤ ᠡᠳᠦᠷ ᠪᠣᠯᠣᠨ᠎ᠠ᠃      ᠭᠤᠷᠪᠠ ᠂ ᠡᠯᠰᠡᠬᠦ ᠡᠲᠡᠭᠡᠳ      ᠪᠥᠬᠦ ᠨᠡᠶᠢᠭᠡᠮ ᠳᠤ ᠬᠠᠨᠳᠤᠭᠤᠯᠤᠨ ᠢᠯᠡ ᠪᠠᠷ ᠡᠯᠰᠡᠨ ᠴᠤᠭᠯᠠᠭᠤᠯᠬᠤ ᠳᠤ᠂ ᠲᠤᠰᠬᠠᠢ ᠮᠡᠷᠭᠡᠵᠢᠯ ᠤᠨ ᠲᠦᠰᠦᠪᠯᠡᠯ ᠤᠨ ᠪᠠᠶᠢᠭᠤᠯᠤᠮᠵᠢ ᠪᠠ ᠬᠤᠪᠢ ᠬᠥᠮᠥᠨ ᠴᠥᠮ ᠣᠷᠣᠯᠴᠠᠵᠤ ᠪᠣᠯᠣᠨ᠎ᠠ ︵ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭ᠎ᠠ ᠳᠤ ᠣᠷᠤᠯᠴᠠᠬᠤ ᠠᠵᠢᠯᠲᠠᠨ ᠪᠠ ᠬᠢᠨᠠᠨ ᠲᠣᠭᠲᠠᠭᠠᠬᠤ ᠠᠵᠢᠯ ᠢ ᠡᠭᠦᠷᠭᠡᠯᠡᠵᠦ ᠪᠠᠶᠢᠭ᠎ᠠ ᠲᠤᠰᠬᠠᠢ ᠮᠡᠷᠭᠡᠵᠢᠯᠲᠡᠨ ᠡᠭᠦᠨ ᠳᠤ ᠪᠠᠭᠲᠠᠬᠤ ᠦᠭᠡᠢ︶᠃      ᠳᠥᠷᠪᠡ᠂ ᠡᠯᠰᠡᠨ ᠴᠤᠭᠯᠠᠭᠤᠯᠬᠤ ᠱᠠᠭᠠᠷᠳᠠᠯᠭ᠎ᠠ      ︵ᠨᠢᠭᠡ︶ ᠭᠤᠣᠯ ᠰᠡᠳᠦᠪ ᠨᠢ ᠲᠣᠪᠣᠶᠢᠮ᠎ᠠ᠂ ᠵᠦᠢᠴᠢᠯᠡᠯ ᠤᠨ ᠤᠳᠬ᠎ᠠ ᠨᠢ ᠭᠦᠨ ᠭᠦᠨᠵᠡᠭᠡᠢ᠃ ᠪᠦᠲᠦᠭᠡᠯᠴᠢ ᠲᠥᠰᠥᠪᠯᠡᠯ ᠤᠨ ᠨᠢᠭᠡᠴᠢ ᠪᠤᠶᠤ ᠬᠤᠪᠢ ᠬᠥᠮᠥᠨ ᠥᠪᠥᠷ ᠮᠣᠩᠭᠤᠯ ᠤᠨ ᠣᠷᠣᠨ ᠤ ᠪᠠᠶᠢᠳᠠᠯ᠂ ᠲᠠᠷᠢᠶᠠᠯᠠᠩ ᠮᠠᠯ ᠠᠵᠤ ᠠᠬᠤᠢ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠶᠢᠨ ᠪᠠᠶᠢᠳᠠᠯ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠪᠠ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠣᠳᠣᠬᠢ ᠪᠠᠶᠢᠳᠠᠯ ᠢ ᠭᠦᠢᠴᠡᠳ ᠣᠶᠢᠯᠠᠭᠠᠵᠤ᠂ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠬᠡᠯᠡᠨ ᠤ ᠪᠦᠲᠦᠭᠡᠯᠴᠢ ᠰᠡᠳᠬᠢᠮᠵᠢ ᠳᠤ ᠥᠪᠥᠷ ᠮᠣᠩᠭᠤᠯ ᠤᠨ ᠣᠷᠣᠨ ᠪᠦᠰᠡ ᠶᠢᠨ ᠣᠨᠴᠠᠯᠢᠭ᠂ ᠬᠥᠮᠥᠨ ᠨᠡᠶᠢᠭᠡᠮ ᠤᠨ ᠲᠡᠦᠬᠡ᠂ ᠳᠠᠪᠠᠭᠤᠯᠢᠭ ᠠᠵᠤ ᠦᠢᠯᠡᠰ ᠵᠡᠷᠭᠡ ᠣᠨᠴᠠᠯᠢᠭ ᠢ ᠢᠯᠡᠷᠡᠭᠦᠯᠵᠦ᠂ ᠶᠠᠰᠤ ᠴᠢᠨᠠᠷ᠂ ᠰᠢᠨ᠎ᠡ ᠶᠢ ᠡᠭᠦᠳᠬᠦ᠂ ᠨᠠᠷᠠᠲᠤ ᠲᠡᠮᠳᠡᠭᠲᠦ ᠵᠡᠷᠭᠡ ᠠᠭᠤᠯᠤᠭᠳᠠᠬᠤᠨ ᠢ ᠢᠯᠡᠳᠬᠡᠵᠦ᠂ ᠥᠪᠥᠷ ᠮᠣᠩᠭᠤᠯ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠬᠥᠭᠵᠢᠯᠲᠡ ᠶᠢᠨ ᠴᠢᠭᠯᠡᠯ ᠢ ᠢᠯᠡᠷᠡᠭᠦᠯᠵᠦ᠂ ᠨᠡᠯᠢᠶᠡᠳ ᠴᠢᠩᠭ᠎ᠠ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ ᠪᠠ ᠴᠠᠭ ᠦᠶ᠎ᠡ ᠶᠢᠨ ᠲᠥᠷᠥᠭᠳᠡᠯ ᠲᠠᠢ ᠪᠠᠶᠢᠬᠤ ᠬᠡᠷᠡᠭᠲᠡᠢ᠃      ︵ᠬᠤᠶᠠᠷ︶ ᠥᠪᠡᠷᠮᠢᠴᠡ ᠪᠦᠲᠦᠭᠡᠯᠴᠢ ᠰᠠᠨᠠᠭ᠎ᠠ ᠠᠬᠤᠢ ᠲᠠᠢ᠃ ᠪᠦᠲᠦᠭᠡᠯᠴᠢ ᠰᠠᠨᠠᠭ᠎ᠠ ᠠᠬᠤᠢ   ᠨᠢ ᠤᠷᠠᠨ ᠨᠠᠷᠢᠨ ᠰᠡᠳᠬᠢᠮᠵᠢ ᠲᠠᠢ᠂ ᠣᠨᠴᠠᠭᠠᠶ ᠴᠡᠭᠡᠵᠢᠯᠡᠪᠦᠷᠢ ᠲᠠᠢ ᠂ ᠣᠶᠢᠯᠠᠭᠠᠬᠤ ᠳᠤ ᠬᠢᠯᠪᠠᠷ᠂ ᠢᠯᠭᠠᠨ ᠲᠠᠨᠢᠬᠤ ᠳᠤ ᠬᠢᠯᠪᠠᠷ᠂ ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠳᠤ ᠬᠡᠷᠡᠭᠯᠡᠵᠦ ᠪᠣᠯᠬᠤ ᠬᠡᠷᠡᠭᠲᠡᠢ ᠃      ︵ ᠭᠤᠷᠪᠠ︶ ᠤᠤᠭᠠᠯ ᠪᠦᠲᠦᠭᠡᠯ ᠃ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ᠥᠰᠥᠭ ᠤᠨ ᠲᠤᠭ᠎ᠠ ᠶᠢ ᠬᠢᠵᠠᠭᠠᠷᠯᠠᠬᠤ ᠦᠭᠡᠢ᠂ ᠭᠡᠬᠦ ᠳᠤ ᠪᠠᠨ ᠡᠷᠬᠡᠪᠰᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠡᠯᠰᠡᠭᠳᠡᠭᠰᠡᠳ ᠨᠢ ᠣᠯᠠᠨ ᠲᠥᠰᠥᠪᠯᠡᠯ ᠤᠨ ᠪᠦᠲᠦᠭᠡᠯᠴᠢ ᠲᠥᠰᠥᠯ ᠢ ᠬᠠᠮᠲᠤ ᠳᠤ  ᠨᠢ ᠲᠤᠰᠢᠶᠠᠵᠤ ᠪᠣᠯᠣᠨ᠎ᠠ᠂ ᠲᠤᠰᠢᠶᠠᠭᠰᠠᠨ ᠪᠦᠲᠦᠭᠡᠯ ᠨᠢ ᠡᠷᠬᠡᠪᠰᠢ ᠤᠤᠭᠠᠯ ᠪᠦᠲᠦᠭᠡᠯ ᠪᠠᠶᠢᠬᠤ ᠬᠡᠷᠡᠭᠲᠡᠢ᠂ ᠬᠠᠭᠤᠯᠤᠭᠰᠠᠨ᠂ ᠬᠠᠭᠤᠷᠮᠠᠭᠯᠠᠨ ᠵᠣᠬᠢᠶᠠᠭᠰᠠᠨ ᠪᠤᠶᠤ  ᠪᠤᠰᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠤᠬᠢᠷᠠᠭᠤᠯᠤᠭᠰᠠᠨ ᠦᠭᠡᠢ ᠪᠠᠶᠢᠬᠤ ᠬᠡᠷᠡᠭᠲᠡᠢ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠸᠠᠷ ᠤᠨ ᠲᠡᠮᠳᠡᠭᠲᠦ ᠶᠢᠨ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ ᠪᠣᠯᠬᠤ ᠦᠭᠡᠢ᠂ ᠡᠭᠦᠨ ᠠᠴᠠ ᠡᠮᠦᠨ᠎ᠡ ᠶᠠᠮᠠᠷ ᠴᠤ ᠬᠡᠯᠪᠡᠷᠢ ᠪᠠᠷ ᠨᠡᠶᠢᠲᠡᠯᠡᠭᠰᠡᠨ ᠦᠭᠡᠢ᠂ ᠶᠠᠮᠠᠷ ᠴᠤ ᠬᠡᠯᠪᠡᠷᠢ ᠪᠠᠷ ᠣᠯᠠᠨ ᠨᠡᠶᠢᠲᠡ ᠳᠤ ᠮᠡᠳᠡᠭᠳᠡᠭᠰᠡᠨ ᠦᠭᠡᠢ᠂ ᠪᠦᠷᠢᠨ ᠪᠦᠲᠦᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃      ᠲᠠᠪᠤ ᠂ ᠪᠦᠲᠦᠭᠡᠯ ᠢᠶᠠᠨ ᠲᠤᠰᠢᠶᠠᠬᠤ      ︵ᠨᠢᠭᠡ︶ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ᠬᠡᠯᠡ ᠵᠢᠴᠢ ᠪᠦᠲᠦᠭᠡᠯᠴᠢ ᠰᠠᠨᠠᠭ᠎ᠠ ᠶᠢᠨ ᠲᠣᠳᠣᠷᠬᠠᠶᠢᠯᠠᠯᠲᠠ ᠶᠢᠨ ᠥᠰᠥᠭ ᠪᠢᠴᠢᠭ ᠤᠨ ᠡᠬᠡ ᠨᠣᠣᠷᠠᠭ ᠢ ᠲᠤᠰᠢᠶᠠᠵᠤ᠂ ᠪᠦᠲᠦᠭᠡᠯ ᠤᠨ ᠰᠡᠳᠬᠢᠮᠵᠢ᠂ ᠰᠠᠨᠠᠭ᠎ᠠ ᠵᠣᠷᠢᠯᠲᠠ᠂ ᠠᠭᠤᠯᠤᠭᠳᠠᠬᠤᠨ ᠵᠡᠷᠭᠡ ᠶᠢ ᠲᠣᠪᠴᠢ ᠥᠭᠦᠯᠡᠨ ᠲᠣᠭᠠᠴᠢᠬᠤ ᠬᠡᠷᠡᠭᠲᠡᠢ ᠃      ︵ᠬᠤᠶᠠᠷ︶ ᠬᠤᠪᠢ ᠬᠥᠮᠥᠨ ᠤ ᠨᠡᠷ᠎ᠡ ᠪᠠᠷ ᠡᠬᠡ ᠪᠢᠴᠢᠭ ᠶᠠᠪᠤᠭᠤᠯᠬᠤ ᠳᠤ ᠵᠣᠬᠢᠶᠠᠭᠴᠢ ᠶᠢᠨ ᠣᠪᠣᠭ ᠨᠡᠷ᠎ᠡ ᠂ ᠨᠢᠭᠡᠴᠢ ᠂ ᠪᠡᠶ᠎ᠡ ᠶᠢᠨ ᠦᠨᠡᠮᠯᠡᠯ ᠤᠨ ᠨᠣᠮᠧᠷ ᠂ ᠬᠠᠷᠢᠯᠴᠠᠬᠤ ᠤᠲᠠᠰᠤ ᠂ ᠬᠠᠷᠢᠯᠴᠠᠬᠤ ᠬᠠᠶ᠋ᠢᠭ ᠵᠡᠷᠭᠡ ᠶᠢ ᠬᠠᠩᠭᠠᠬᠤ ᠬᠡᠷᠡᠭᠲᠡᠢ︔ ᠨᠢᠭᠡᠴᠢ ᠶᠢᠨ ᠨᠡᠷ᠎ᠡ ᠪᠠᠷ ᠡᠬᠡ ᠪᠢᠴᠢᠭ ᠶᠠᠪᠤᠭᠤᠯᠬᠤ ᠳᠤ ᠨᠢᠭᠡᠴᠢ ᠶᠢᠨ ᠨᠡᠷᠡᠶᠢᠳᠦᠯ ᠂ ᠳᠠᠩᠰᠠᠯᠠᠭᠤᠯᠤᠭᠰᠠᠨ ᠬᠠᠶ᠋ᠢᠭ ᠂ ᠬᠠᠷᠢᠯᠴᠠᠬᠤ ᠬᠠᠶ᠋ᠢᠭ ᠂ ᠬᠠᠷᠢᠯᠴᠠᠬᠤ ᠬᠥᠮᠥᠨ ᠵᠢᠴᠢ ᠤᠲᠠᠰᠤ ᠶᠢ ᠲᠣᠳᠣᠷᠬᠠᠢ ᠪᠢᠴᠢᠬᠦ ᠬᠡᠷᠡᠭᠲᠡᠢ ᠃      ︵ᠭᠤᠷᠪᠠ︶ ᠪᠦᠲᠦᠭᠡᠯ ᠢ ᠢᠮᠧᠯ ᠢᠶᠠᠷ ᠳᠠᠮᠵᠢᠭᠤᠯᠤᠨ ᠲᠤᠰᠢᠶᠠᠬᠤ ᠶᠢᠨ ᠬᠠᠮᠲᠤ ᠢᠮᠧᠯ ᠤᠨ ᠭᠤᠣᠯ ᠰᠡᠳᠦᠪ ᠲᠤ ᠪᠠᠨ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ᠡᠯᠰᠡᠨ ᠴᠤᠭᠯᠠᠭᠤᠯᠵᠤ ᠡᠬᠡ ᠪᠢᠴᠢᠭ ᠢᠯᠡᠭᠡᠬᠦ︾ ᠭᠡᠰᠡᠨ ᠥᠰᠥᠭ ᠢ ᠲᠣᠳᠣᠷᠬᠠᠶᠢᠯᠠᠬᠤ ᠬᠡᠷᠡᠭᠲᠡᠢ᠃      ᠵᠢᠷᠭᠤᠭ᠎ᠠ᠂ ᠰᠢᠯᠭᠠᠷᠠᠭᠤᠯᠬᠤ ᠠᠷᠭ᠎ᠠ ᠮᠠᠶ᠋ᠢᠭ      ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭ᠎ᠠ ᠳᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ︵ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ︶ ᠶᠢᠨ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠬᠡᠯᠡᠨ ᠤ ᠬᠢᠨᠠᠨ ᠲᠣᠭᠲᠠᠭᠠᠬᠤ ᠺᠣᠮᠢᠰ ᠢ ᠪᠠᠶᠢᠭᠤᠯᠵᠤ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠦᠨᠡᠯᠡᠨ ᠶᠠᠷᠢᠯᠴᠠᠵᠤ᠂ ᠪᠣᠶ ᠪᠦᠬᠦᠢ ᠡᠯᠰᠡᠨ ᠴᠤᠭᠯᠠᠭᠤᠯᠤᠭᠰᠠᠨ ᠪᠦᠲᠦᠭᠡᠯ ᠢ ᠭᠤᠣᠯ ᠰᠡᠳᠦᠪᠲᠦ ᠠᠭᠤᠯᠭ᠎ᠠ᠂ ᠪᠦᠲᠦᠭᠡᠯᠴᠢ ᠢᠯᠡᠷᠡᠯ᠂ ᠬᠡᠷᠡᠭᠯᠡᠭᠡᠨ ᠤ ᠴᠢᠨᠠᠷ ᠵᠡᠷᠭᠡ ᠲᠠᠯ᠎ᠠ ᠪᠠᠷ ᠦᠨᠡᠯᠡᠨ ᠰᠢᠯᠭᠠᠷᠠᠭᠤᠯᠵᠤ᠂ ᠡᠯᠰᠡᠨ ᠴᠤᠭᠯᠠᠭᠤᠯᠤᠭᠰᠠᠨ ᠪᠦᠲᠦᠭᠡᠯ ᠤᠨ ᠳᠣᠲᠣᠷ᠎ᠠ ᠠᠴᠠ 10 ᠬᠤᠪᠢ ᠶᠢ ᠡᠯᠰᠡᠭᠳᠡᠭᠰᠡᠨ ᠪᠦᠲᠦᠭᠡᠯ ᠢᠶᠠᠷ ᠲᠣᠭᠲᠠᠭᠠᠵᠤ᠂ ᠡᠯᠰᠡᠭᠳᠡᠭᠰᠡᠨ ᠪᠦᠲᠦᠭᠡᠯ ᠤᠨ ᠳᠣᠲᠣᠷ᠎ᠠ ᠠᠴᠠ 1 ᠬᠤᠪᠢ ᠶᠢ ᠰᠢᠯᠢᠳᠡᠭ ᠪᠦᠲᠦᠭᠡᠯ ᠢᠶᠠᠷ ᠲᠣᠭᠲᠠᠭᠠᠨ᠎ᠠ᠃ ᠬᠠᠮᠤᠭ ᠡᠴᠦᠰ ᠲᠤ ᠰᠣᠩᠭᠤᠨ ᠬᠡᠷᠡᠭᠯᠡᠭᠰᠡᠨ ᠪᠦᠲᠦᠭᠡᠯ ᠳᠤ ᠤᠬᠠᠭᠠᠯᠠᠨ ᠰᠡᠳᠦᠵᠦ ᠡᠭᠦᠳᠦᠨ ᠪᠦᠲᠦᠭᠡᠬᠦ ᠵᠠᠷᠤᠳᠠᠯ 10000 ᠲᠥᠭᠦᠷᠢᠭ ᠤᠨ ᠱᠠᠩᠨᠠᠯ ᠣᠯᠭᠤᠵᠤ᠂ ᠪᠤᠰᠤᠳ ᠬᠦᠷᠢᠶᠡᠨ ᠳᠤ ᠣᠷᠣᠭᠰᠠᠨ ᠪᠦᠲᠦᠭᠡᠯ ᠳᠤ 1000 ᠲᠥᠭᠦᠷᠢᠭ ᠤᠨ ᠨᠥᠬᠦᠪᠦᠷᠢ ᠣᠯᠭᠤᠨ᠎ᠠ᠃      ᠲᠣᠰ ᠮᠡᠳᠡᠭᠳᠡᠯ ᠵᠢᠴᠢ ᠰᠢᠯᠭᠠᠷᠠᠭᠤᠯᠤᠭᠰᠠᠨ ᠦᠷ᠎ᠡ ᠳ᠋ᠦᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠢᠴᠢ ᠡᠷᠬᠡ ᠣᠯᠭᠤᠭᠰᠠᠨ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ ᠰᠦᠯᠵᠢᠶ᠎ᠡ ᠪᠠᠷ ᠳᠠᠮᠵᠢᠭᠤᠯᠤᠨ ᠢᠯᠡ ᠨᠡᠶᠢᠲᠡᠯᠡᠬᠦ ᠶᠢᠨ ᠬᠠᠮᠲᠤ ᠮᠡᠳᠡᠭᠡᠯᠡᠨ᠎ᠡ ᠃      ᠲᠤᠯᠤᠭ᠎ᠠ ᠂ ᠬᠤᠯᠪᠣᠭᠳᠠᠯ ᠪᠦᠬᠦᠢ ᠢᠯᠡᠷᠬᠡᠶᠢᠯᠡᠯᠲᠡ      ︵ᠨᠢᠭᠡ︶ ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭ᠎ᠠ ᠳᠤ ᠶᠠᠮᠠᠷ ᠴᠤ ᠰᠦᠢᠳᠬᠡᠯ ᠬᠤᠷᠢᠶᠠᠬᠤ ᠦᠭᠡᠢ᠂ ᠢᠷᠡᠭᠦᠯᠦᠭᠰᠡᠨ ᠡᠬᠡ ᠪᠢᠴᠢᠭ ᠢ ᠴᠥᠮ ᠪᠤᠴᠠᠭᠠᠵᠤ ᠥᠭᠬᠦ ᠦᠭᠡᠢ᠂ ᠡᠭᠦᠳᠦᠨ ᠪᠦᠲᠦᠭᠡᠭᠴᠢ ᠡᠬᠡ ᠪᠢᠴᠢᠭ ᠢᠶᠠᠨ ᠥᠪᠡᠷ ᠢᠶᠠᠨ ᠦᠯᠡᠳᠡᠭᠡᠵᠦ᠂ ᠪᠠᠶᠢᠴᠠᠭᠠᠨ ᠲᠣᠳᠣᠯᠠᠬᠤ ᠳᠤ ᠪᠡᠯᠡᠳᠬᠡᠨ᠎ᠡ᠃      ︵ ᠬᠤᠶᠠᠷ ︶ ᠡᠯᠰᠡᠭᠳᠡᠬᠦ ᠪᠦᠳᠦᠭᠡᠯ ᠤᠨ ᠪᠦᠲᠦᠭᠡᠯᠴᠢ ᠰᠡᠳᠬᠢᠮᠵᠢ ᠨᠢ ᠠᠳᠠᠯᠢ ᠪᠠᠶᠢᠪᠠᠯ ᠂ ᠡᠬᠡ ᠪᠢᠴᠢᠭ ᠢ ᠤᠷᠢᠳᠠᠪᠠᠷ ᠬᠤᠷᠢᠶᠠᠭᠰᠠᠨ ᠢᠶᠠᠷ ᠪᠠᠷᠢᠮᠵᠢᠶ᠎ᠠ ᠪᠣᠯᠭᠠᠨ᠎ᠠ ᠃ ᠰᠣᠩᠭᠤᠭᠤᠯᠢ ᠳᠤ ᠣᠷᠣᠯᠴᠠᠭᠰᠠᠨ ᠪᠤᠢ ᠪᠦᠬᠦᠢ ᠪᠦᠲᠦᠭᠡᠯ ᠳᠤ ᠬᠠᠭᠤᠯᠬᠤ ᠂ ᠬᠤᠯᠠᠭᠠᠶᠢᠯᠠᠬᠤ ᠵᠡᠷᠭᠡ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ ᠂ ᠬᠡᠷᠪᠡ ᠡᠷᠬᠡ ᠳᠤ ᠬᠠᠯᠳᠠᠭᠰᠠᠨ ᠬᠠᠷᠢᠭᠤᠴᠠᠯᠭ᠎ᠠ ᠲᠠᠢ ᠪᠣᠯ ᠥᠪᠡᠷ ᠢᠶᠠᠨ ᠬᠠᠷᠢᠭᠤᠴᠠᠨ᠎ᠠ ᠃      ︵ ᠭᠤᠷᠪᠠ ︶ ᠡᠯᠰᠡᠨ ᠴᠤᠭᠯᠠᠭᠤᠯᠬᠤ ᠬᠦᠷᠢᠶᠡᠨ ᠳᠤ ᠣᠷᠣᠭᠰᠠᠨ ᠬᠡᠷᠡᠭᠯᠡᠭᠡᠨ ᠤ ᠪᠦᠲᠦᠭᠡᠯ ᠤᠨ ᠥᠮᠴᠢᠯᠡᠬᠦ ᠡᠷᠬᠡ ᠂ ᠬᠡᠷᠡᠭᠯᠡᠬᠦ ᠡᠷᠬᠡ ᠪᠠ ᠵᠣᠬᠢᠶᠠᠯ ᠪᠦᠲᠦᠭᠡᠯ ᠤᠨ ᠡᠷᠬᠡ ᠨᠢ ᠴᠥᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠥᠮᠴᠢᠯᠡᠭᠳᠡᠬᠦ ᠶᠢᠨ ᠬᠠᠮᠲᠤ ᠶᠠᠮᠠᠷᠪᠠ ᠬᠡᠯᠪᠡᠷᠢ ᠪᠠᠷ ᠬᠡᠷᠡᠭᠯᠡᠬᠦ ᠂ ᠨᠡᠭᠡᠭᠡᠨ ᠠᠰᠢᠭᠯᠠᠬᠤ ᠂ ᠵᠠᠰᠠᠪᠤᠷᠢ ᠣᠷᠣᠭᠤᠯᠬᠤ ᠵᠡᠷᠭᠡ ᠠᠵᠢᠯ ᠢ ᠬᠢᠬᠦ ᠡᠷᠬᠡ ᠲᠠᠢ ᠃      ︵ ᠲᠤᠶᠢᠷᠪᠡ ︶ ᠱᠠᠩᠨᠠᠯ ᠣᠯᠣᠭᠰᠠᠳ ᠰᠣᠩᠭᠤᠨ ᠬᠡᠷᠡᠭᠯᠡᠭᠰᠡᠨ ᠪᠦᠲᠦᠭᠡᠯ ᠢᠶᠠᠨ ᠭᠤᠷᠪᠠᠳᠠᠭᠢ ᠡᠲᠡᠭᠡᠳ ᠲᠤ ᠲᠡᠬᠢᠠ ᠰᠢᠯᠵᠢᠭᠦᠯᠦᠨ ᠥᠭᠴᠦ ᠬᠡᠷᠡᠭᠯᠡᠭᠦᠯᠵᠦ ᠪᠣᠯᠬᠤ ᠦᠭᠡᠢ᠂ ᠡᠰᠡ ᠲᠡᠭᠡᠪᠡᠯ ᠡᠭᠦᠨ ᠠᠴᠠ ᠪᠣᠯᠤᠭᠰᠠᠨ ᠠᠯᠢᠪᠠ ᠬᠠᠤᠯᠢ ᠴᠠᠭᠠᠵᠠ ᠶᠢᠨ ᠵᠢᠭᠤᠷᠠᠯᠳᠤᠭᠠᠨ ᠢ ᠡᠬᠡ ᠪᠢᠴᠢᠭ ᠲᠤᠰᠢᠶᠠᠭᠴᠢ ᠥᠪᠡᠷ ᠢᠶᠠᠨ ᠬᠠᠷᠢᠭᠤᠴᠠᠨ᠎ᠠ ᠃      ︵ ᠲᠠᠪᠤ ︶ ᠡᠬᠡ ᠪᠢᠴᠢᠭ ᠲᠤᠰᠢᠶᠠᠭᠴᠢᠳ ᠢ ᠴᠥᠮ ᠲᠤᠰ ᠮᠡᠳᠡᠭᠳᠡᠯ ᠤᠨ ᠪᠤᠢ ᠪᠦᠬᠦᠢ ᠵᠦᠢᠯ ᠵᠣᠷᠪᠤᠰ ᠢ ᠵᠥᠪᠰᠢᠶᠡᠷᠡᠭᠰᠡᠨ ᠢᠶᠠᠷ ᠦᠵᠡᠨ᠎ᠡ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ︵ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ︶ ᠶᠢᠨ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ᠶᠢᠨ ᠬᠠᠮᠤᠭ ᠡᠴᠦᠰ ᠤᠨ ᠲᠣᠭᠲᠠᠭᠠᠬᠤ ᠡᠷᠬᠡ ᠲᠠᠢ ᠪᠠᠶᠢᠵᠤ᠂ ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭ᠎ᠠ ᠳᠤ ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠲᠠᠢ᠃      ᠨᠠᠢᠮᠠ ᠂ ᠬᠠᠷᠢᠯᠴᠠᠬᠤ ᠠᠷᠭ᠎ᠠ ᠬᠡᠯᠪᠡᠷᠢ      ᠬᠠᠷᠢᠯᠴᠠᠬᠤ ᠬᠥᠮᠥᠨ᠄ ᠸᠠᠩ ᠮᠢᠨ      ᠬᠠᠷᠢᠯᠴᠠᠬᠤ ᠤᠲᠠᠰᠤ᠄ 15771396377      ᠢᠮᠧᠯ ᠄ nmgppjs@163.com       ᠳᠠᠭᠠᠯᠳᠤᠭᠤᠯᠤᠯ᠄ 1. ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ᠡᠯᠰᠡᠨ ᠴᠤᠭᠯᠠᠭᠤᠯᠬᠤ ᠬᠦᠰᠦᠨᠦᠭᠲᠦ      2. ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ᠶᠢᠨ ᠠᠮᠠᠯᠠᠯᠲᠠ ᠶᠢᠨ ᠪᠢᠴᠢᠭ                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2023 ᠣᠨ ᠤ 2 ᠰᠠᠷ᠎ᠠ ᠶᠢᠨ 20 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号