2 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ︽ᠲᠠᠷᠢᠶᠠᠯᠠᠩ ᠮᠠᠯ ᠠᠵᠤ ᠠᠬᠤᠢ ᠶᠢᠨ ᠴᠢᠨᠠᠷ | ᠰᠠᠶᠢᠲᠠᠢ ᠥᠨᠳᠥᠷ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ︾ ᠲᠤᠰᠬᠠᠢ ᠰᠣᠨᠢᠨ | ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠡᠩᠬᠡᠳᠦ᠋ᠪᠰᠢᠨ ᠬᠤᠷᠠᠯ | ᠳᠡᠭᠡᠷ᠎ᠡ ᠲᠠᠨᠢᠯᠴᠠᠭᠤᠯᠬᠤ ᠳᠠᠭᠠᠨ᠂ ᠡᠨᠡ ᠵᠢᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ | ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ ᠶᠢᠨ ᠭᠤᠣᠯᠳᠠᠯᠭ᠎ᠠ ᠪᠣᠯ ︽ᠨᠢᠭᠡ | ᠬᠦᠴᠦᠨ ᠨᠢᠭᠡ ᠬᠡᠯᠬᠢᠶ᠎ᠡ ᠬᠤᠶᠠᠷ ᠠᠵᠢᠯᠯᠠᠭ᠎ᠠ︾ ᠶᠢ ᠰᠠᠶᠢᠲᠤᠷ ᠠᠳᠬᠤᠬᠤ ᠶᠠᠪᠤᠳᠠᠯ ᠪᠣᠯᠣᠨ᠎ᠠ ᠭᠡᠪᠡ ᠃ | | | | | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠳᠡᠳ᠋ ᠳᠠᠷᠤᠭ᠎ᠠ ᠡᠩᠬᠡᠪᠴᠢᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ ᠃ ᠥᠪᠥᠷ ᠮᠣᠩᠭᠤᠯ | ᠡᠨᠡ ᠵᠢᠯ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠵᠤ᠂ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ | ᠪᠣᠳᠣᠯᠭ᠎ᠠ ᠶᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ | ᠳᠡᠭᠡᠭᠰᠢᠯᠡᠭᠦᠯᠬᠦ᠂ ᠤᠨᠠᠯᠲᠠ ᠶᠢ ᠨᠡᠮᠡᠭᠳᠡᠭᠦᠯᠬᠦ ᠲᠠᠯ᠎ᠠ ᠪᠠᠷ ᠬᠦᠴᠦᠯᠡᠵᠦ᠂ 110 ᠳ᠋ᠦᠩᠰᠢᠭᠤᠷ ᠲᠥᠭᠦᠷᠢᠭ ᠤᠨ | ᠲᠠᠷᠢᠶᠠᠯᠠᠩ ᠤᠨ ᠦᠢᠯᠡᠳᠪᠦᠷᠢᠯᠡᠯ ᠢ ᠬᠦᠭᠵᠢᠬᠦᠯᠬᠦ ᠵᠡᠷᠭᠡ ᠪᠡᠯᠡ ᠮᠥᠩᠭᠦ ᠶᠢ ᠲᠣᠬᠢᠷᠠᠭᠤᠯᠤᠨ᠂ ᠴᠢᠨᠠᠷ ᠰᠠᠶᠢᠲᠠᠢ | ᠥᠨᠳᠥᠷ ᠪᠦᠲᠦᠮᠵᠢᠲᠡᠶ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠮᠤ | ᠪᠤᠳᠠᠭ᠎ᠠ ᠳᠠᠷᠢᠬᠤ ᠲᠠᠯᠠᠪᠠᠶ ᠪᠠ ᠤᠨᠠᠯᠲᠠ ᠶᠢ ᠲᠣᠭᠲᠠᠪᠤᠷᠢᠵᠢᠭᠤᠯᠤᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ | ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ 395 ᠲᠦᠮᠡᠨ ᠮᠦ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ 1920 ᠲᠦᠮᠡᠨ ᠮᠦ ᠬᠠᠷ᠎ᠠ ᠬᠥᠷᠥᠰᠥ ᠶᠢᠨ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠬᠦ ᠶᠢ ᠳᠡᠮᠵᠢᠨ᠎ᠡ ᠃ ᠭᠠᠷᠤᠯᠲᠠ ᠪᠠᠨ ᠨᠡᠮᠡᠭᠳᠡᠭᠦᠯᠬᠦ ᠲᠠᠯᠳᠠ | ᠬᠦᠴᠦᠨ ᠢ ᠭᠦᠨ ᠠᠭᠤᠳᠠᠯᠵᠤ ᠂ ᠨᠥᠬᠦᠴᠡᠯ ᠳᠤ ᠨᠡᠶᠢᠴᠡᠬᠦ ᠬᠤᠵᠢᠷᠯᠢᠭ ᠭᠠᠵᠠᠷ ᠵᠡᠷᠭᠡ ᠪᠡᠯᠡᠳᠬᠡᠯ ᠭᠠᠵᠠᠷ | ᠰᠢᠷᠣᠢ ᠶᠢᠨ ᠡᠬᠢ ᠪᠠᠶᠠᠯᠢᠭ ᠢ ᠵᠣᠬᠢᠰᠲᠠᠢ ᠪᠠᠷ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠵᠤ ᠶᠡᠷᠦᠩᠬᠡᠶᠢᠯᠡᠨ | ᠠᠰᠢᠭᠯᠠᠬᠤ ᠶᠢ ᠲᠡᠮᠵᠢᠨ᠎ᠡ ᠃ | ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠦᠭᠵᠢᠯᠲᠡ ᠶᠢ ᠲᠦᠯᠬᠢᠨ | ᠠᠬᠢᠭᠤᠯᠤᠨ᠎ᠠ᠃ ᠡᠨᠡ ᠵᠢᠯ ᠥᠪᠥᠷ ᠮᠣᠩᠭᠤᠯ 40 ᠳ᠋ᠦᠩᠰᠢᠭᠤᠷ ᠲᠥᠭᠦᠷᠢᠭ ᠭᠠᠷᠤᠢ ᠪᠡᠯᠡ ᠮᠥᠩᠭᠦ | ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ | ᠰᠦᠷᠦᠭᠵᠢᠯ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠠᠯᠠᠰᠢᠨ ᠦᠬᠡᠷ ᠂ ᠠᠯᠠᠰᠢᠨ ᠬᠤᠨᠢ ᠂ | ᠠᠮᠢᠳᠤ ᠭᠠᠭ᠋ᠠᠢ ᠶᠢ ᠶᠡᠭᠡ ᠰᠢᠶᠠᠨ ᠠᠴᠠ ᠰᠢᠯᠵᠢᠭᠦᠯᠦᠨ ᠭᠠᠷᠭᠠᠬᠤ ᠶᠢ ᠱᠠᠩᠨᠠᠬᠤ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ ᠂ ᠲᠤᠬᠠᠢ ᠶᠢᠨ ᠭᠠᠵᠠᠷ ᠲᠤᠨᠢ ᠲᠣᠮᠣ ᠬᠡᠯᠪᠡᠷᠢ ᠶᠢᠨ ᠨᠢᠲᠤᠯᠬᠤ ᠵᠦᠢᠯᠡᠰ ᠢ ᠰᠢᠨ᠎ᠡ ᠪᠠᠷ ᠪᠠᠶᠢᠭᠤᠯᠬᠤ | ᠪᠠ ᠥᠭᠡᠷᠡᠴᠢᠯᠡᠨ ᠪᠠᠶᠢᠭᠤᠯᠬᠤ ᠶᠢ ᠵᠣᠷᠢᠭᠵᠢᠭᠤᠯᠵᠤ ᠂ ᠮᠠᠯ ᠵᠢᠭᠦᠷᠲᠡᠨ ᠤ ᠪᠦᠲᠦᠭᠡᠭᠳᠡᠬᠦᠨ ᠢ ᠨᠠᠷᠢᠯᠢᠭ ᠰᠠᠯᠭᠠᠬᠤ ᠂ | ᠬᠦᠢᠲᠡᠨ ᠢᠶᠠᠷ ᠬᠡᠯᠬᠢᠶᠡᠵᠢᠭᠦᠯᠦᠨ ᠡᠳ᠋ᠰᠢᠭᠦᠯᠬᠦ ᠵᠢᠴᠢ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠢᠵᠢ ᠪᠦᠷᠢᠳᠦᠭᠦᠯᠦᠨ | ᠪᠠᠶᠢᠭᠤᠯᠤᠨ᠎ᠠ ᠃ ᠠᠷᠠᠰᠤ ᠰᠢᠷᠢ ᠂ ᠨᠣᠣᠰᠣᠨ ᠤ ᠠᠵᠤ ᠦᠢᠯᠡᠰ ᠤᠨ ᠬᠥᠭᠵᠢᠯᠲᠡ ᠶᠢ ᠲᠡᠮᠵᠢᠨ᠎ᠡ ᠃ ᠲᠠᠷᠢᠶᠠᠯᠠᠩ ᠮᠠᠯ | ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠭᠠᠷᠴᠠᠭ ᠪᠠᠶᠢᠭᠤᠯᠬᠤ ᠶᠢ ᠳᠡᠮᠵᠢᠵᠦ᠂ ᠪᠣᠬᠢᠷᠳᠤᠯ ᠦᠭᠡᠢ | ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠭᠡ ᠬᠢᠬᠦ ᠶᠢ ᠵᠣᠷᠢᠭᠵᠢᠭᠤᠯᠤᠨ᠂ ᠭᠠᠵᠠᠷ | ᠵᠦᠢ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠵᠦ᠂ ︽ᠮᠣᠩᠭᠤᠯ︾ ᠥᠰᠥᠭ ᠤᠨ | ᠲᠡᠮᠳᠡᠭᠲᠦ ᠶᠢᠨ ᠭᠡᠷᠡᠴᠢᠯᠡᠭᠡ ᠬᠢᠬᠦ ᠶᠢ ᠲᠦᠯᠬᠢᠨ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ | ᠲᠠᠨᠢᠯᠴᠠᠭᠤᠯᠭ᠎ᠠ ᠶᠢ ᠥᠷᠨᠢᠭᠦᠯᠦᠨ᠎ᠡ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠠᠶᠢᠭᠤᠯᠤᠯᠲᠠ ᠶᠢᠨ | ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠤᠷᠰᠢᠯᠲᠠ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠᠨ | ᠲᠦᠷᠭᠡᠳᠬᠡᠬᠦ ᠶᠢ ᠳᠡᠮᠵᠢᠨ᠎ᠡ᠃ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠪᠠ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ ᠃ ᠦᠷ᠎ᠡ ᠪᠣᠯ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ︽ᠴᠢᠫ︾ ᠮᠥᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠮᠥᠨ᠃ | ᠡᠨᠡ ᠵᠢᠯ ᠥᠪᠥᠷ ᠮᠣᠩᠭᠤᠯ ᠦᠷᠭᠦᠯᠵᠢᠯᠡᠨ 9000 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ | ᠦᠷ᠎ᠡ ᠶᠢᠨ ᠴᠢᠨᠠᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠰᠠᠶᠢᠨ ᠡᠭᠦᠯᠳᠡᠷ ᠤᠨ ᠬᠢᠷᠢ ᠲᠦᠪᠰᠢᠨ ᠢ | ᠳᠡᠭᠡᠭᠰᠢᠯᠡᠭᠦᠯᠬᠦ᠂ ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ ᠭᠤᠷᠪᠠᠨ ᠶᠡᠭᠡ ᠢᠨᠵᠧᠨᠧᠷᠢᠩ ᠢ | ᠬᠡᠷᠡᠭᠵᠢᠭᠦᠯᠬᠦ ᠶᠢ ᠳᠡᠮᠵᠢᠨ᠎ᠡ᠃ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠥᠷᠨᠢᠭᠦᠯᠵᠦ᠂ 1 ᠳ᠋ᠦᠩᠰᠢᠭᠤᠷ ᠲᠥᠭᠦᠷᠢᠭ ᠤᠨ | ᠪᠡᠯᠡ ᠮᠥᠩᠭᠦ ᠲᠣᠬᠢᠷᠠᠭᠤᠯᠤᠨ᠂ ᠡᠪᠡᠰᠦᠨ ᠦᠷ᠎ᠡ ᠶᠢᠨ ᠦᠢᠯᠡᠰ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ | ᠠᠯᠠᠰᠢᠨ ᠬᠤᠨᠢ᠂ ᠲᠥᠮᠥᠰᠥ ᠵᠡᠷᠭᠡ 5 ᠳᠠᠪᠠᠭᠤᠯᠢᠭ ᠠᠵᠤ ᠦᠢᠯᠡᠰ ᠪᠠ ᠬᠤᠯᠢᠰᠢᠨ ᠠᠮᠤ᠂ ᠢᠳᠡᠰᠢᠨ ᠨᠣᠭᠤᠭ᠎ᠠ᠂ | ᠨᠡᠷᠡᠨ ᠬᠤᠸᠠᠷ᠂ ᠰᠢᠬᠢᠷ ᠯᠤᠤᠪᠠᠩ ᠵᠡᠷᠭᠡ 14 ᠲᠥᠷᠥᠯ ᠵᠦᠢᠯ ᠤᠨ ᠠᠵᠤ ᠦᠢᠯᠡᠰ ᠲᠤ ᠦᠷᠭᠦᠯᠵᠢᠯᠡᠨ | ᠳᠡᠮᠵᠢᠯᠭᠡ ᠦᠵᠡᠭᠦᠯᠦᠨ᠎ᠡ᠃ ᠰᠢᠯᠢᠳᠡᠭ ᠡᠭᠦᠯᠳᠡᠷ ᠢ ᠱᠠᠩᠨᠠᠬᠤ ᠲᠣᠭᠲᠠᠴᠠ ᠶᠢ ᠪᠠᠶᠢᠭᠤᠯᠵᠤ᠂ ᠦᠪᠡᠰᠦᠪᠡᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠲᠥᠮᠥᠰᠥ ᠶᠢᠨ ᠴᠢᠨᠠᠷ ᠰᠠᠶᠢᠲᠠᠢ ᠰᠢᠨ᠎ᠡ ᠡᠭᠦᠯᠳᠡᠷ ᠪᠣᠯᠣᠨ | ᠤᠯᠤᠰ ᠤᠨ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠡᠭᠦᠯᠳᠡᠷ ᠢ | ᠨᠢᠭᠡ ᠤᠳᠠᠭᠠᠨ ᠤ ᠴᠢᠨᠠᠷᠲᠠᠢ ᠪᠠᠷ ᠱᠠᠩᠨᠠᠨ᠎ᠠ᠃ | ᠰᠦ ᠶᠢᠨ ᠦᠢᠯᠡᠰ ᠪᠣᠯ ᠥᠪᠥᠷ ᠮᠣᠩᠭᠤᠯ ᠤᠨ ᠮᠢᠩᠭᠠᠨ ᠳ᠋ᠦᠩᠰᠢᠭᠤᠷ ᠤᠨ ᠲᠠᠰ ᠤᠨ ᠳᠠᠪᠠᠭᠤᠯᠢᠭ | ᠣᠨᠴᠠᠯᠢᠭᠲᠤ ᠠᠵᠤ ᠦᠢᠯᠡᠰ ᠮᠥᠨ᠂ ᠨᠢᠳᠤᠨᠤᠨ ᠥᠪᠡᠷᠲᠡᠭᠡᠨ ᠵᠠᠰᠠᠬᠤ ᠣᠷᠣᠨ ᠠᠴᠠ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠶᠢᠰᠦᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠣᠳᠣᠬᠠᠨ ᠳᠤ ᠨᠢᠭᠡᠨᠲᠡ | ᠦᠷ᠎ᠡ ᠪᠦᠲᠦᠮᠵᠢ ᠣᠯᠣᠭᠰᠠᠨ ᠪᠠᠶᠢᠨ᠎ᠠ᠃ ᠡᠨᠡ ᠵᠢᠯ ᠥᠪᠥᠷ ᠮᠣᠩᠭᠤᠯ ᠦᠷᠭᠦᠯᠵᠢᠯᠡᠨ ︽ ᠰᠦ ᠶᠢᠨ ᠢᠷᠡᠯᠲᠡ︾ | ︽ᠦᠨᠢᠶᠡᠨ ᠤ ᠢᠷᠡᠯᠲᠡ︾ ︽ᠡᠪᠡᠰᠦᠨ ᠤ ᠢᠷᠡᠯᠲᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ | ᠰᠦ ᠶᠢᠨ ᠢᠷᠡᠯᠲᠡ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠬᠦ ᠲᠠᠯᠠᠪᠠᠶ ᠶᠢ ᠰᠢᠨ᠎ᠡ ᠪᠠᠷ ᠪᠠᠶᠢᠭᠤᠯᠬᠤ ᠶᠢ ᠵᠣᠷᠢᠭᠵᠢᠭᠤᠯᠵᠤ᠂ ᠴᠢᠨᠠᠷ ᠰᠠᠶᠢᠲᠠᠢ ᠰᠠᠭᠠᠯᠢ ᠶᠢᠨ | ᠦᠨᠢᠶ᠎ᠡ ᠶᠢᠨ ᠰᠦᠷᠦᠭᠵᠢᠯ ᠤᠨ ᠨᠡᠮᠡᠭᠳᠡᠯ ᠢ ᠠᠬᠢᠭᠤᠯᠤᠨ᠂ 2021 ᠣᠨ ᠠᠴᠠ ᠰᠡᠭᠦᠯᠡᠷ ᠪᠠᠶᠢᠭᠤᠯᠤᠭᠰᠠᠨ 3000 | ᠦᠨᠢᠶ᠎ᠡ ᠲᠡᠵᠢᠭᠡᠵᠦ ᠲᠡᠶᠢᠯᠬᠦ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠳᠤ ᠰᠢᠨ᠎ᠡ ᠪᠠᠷ ᠨᠡᠮᠡᠭᠳᠡᠭᠰᠡᠨ | ᠰᠠᠭᠠᠯᠢ ᠶᠢᠨ ᠦᠨᠢᠶ᠎ᠡ ᠶᠢᠨ ᠲᠤᠭ᠎ᠠ ᠬᠡᠮᠵᠢᠶ᠎ᠡ ᠶᠢ ᠦᠨᠳᠦᠰᠦᠯᠡᠨ ᠨᠥᠬᠦᠪᠦᠷᠢ ᠥᠭᠭᠦᠨ᠎ᠡ᠃ ᠰᠠᠭᠠᠯᠢ ᠶᠢᠨ | ᠦᠨᠢᠶ᠎ᠡ ᠶᠢᠨ ᠡᠭᠦᠯᠳᠡᠷ ᠪᠣᠶᠢᠵᠢᠭᠤᠯᠤᠨ ᠰᠦᠷᠦᠭ ᠢᠶᠠᠨ ᠦᠷᠭᠡᠳᠭᠡᠬᠦ ᠶᠢ ᠳᠡᠮᠵᠢᠨ᠎ᠡ᠃ ᠰᠠᠭᠠᠯᠢ ᠶᠢᠨ ᠮᠠᠯ ᠲᠡᠵᠢᠭᠡᠨ | ᠦᠷᠡᠵᠢᠭᠦᠯᠬᠦ ᠲᠠᠯᠠᠪᠠᠢ ᠪᠣᠯᠣᠨ ᠰᠠᠭᠠᠯᠢ ᠶᠢᠨ ᠲᠠᠷᠢᠶᠠᠴᠢᠳ ᠤᠨ ᠬᠤᠷᠰᠢᠶᠠᠨ ᠤ ᠪᠣᠷᠳᠤᠭ᠎ᠠ ᠬᠤᠳᠠᠯᠳᠤᠨ ᠠᠪᠴᠤ | ᠨᠥᠭᠡᠴᠡᠯᠡᠬᠦ ᠶᠢ ᠳᠡᠮᠵᠢᠨ᠎ᠡ ᠃ ᠴᠠᠷᠭᠠᠰᠤ ᠶᠢᠨ ᠳᠠᠷᠢᠬᠤ ᠲᠠᠯᠠᠪᠠᠶ ᠶᠢ ᠥᠷᠭᠡᠳᠬᠡᠬᠦ ᠶᠢ ᠵᠣᠷᠢᠭᠵᠢᠭᠤᠯᠤᠨ᠎ᠠ᠃ ᠴᠠᠭᠠᠨ | ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠡᠳ᠋ᠰᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ | ᠳᠡᠮᠵᠢᠨ᠎ᠡ ᠃ | |