ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠣᠪᠴᠢᠶ᠎ᠠ᠂ ᠬᠤᠯᠪᠣᠭᠳᠠᠯ ᠪᠦᠬᠦᠢ ᠦᠷ᠎ᠡ ᠣᠷᠣᠭᠤᠯᠬᠤ ᠨᠢᠭᠡᠴᠢ ᠳᠤ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ︽ᠭᠤᠣᠯ ᠪᠣᠯᠬᠤ | ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ᠂ ᠮᠠᠨ ᠤ ᠣᠷᠣᠨ ᠤ 2023 ᠣᠨ ᠤ ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠤ | ᠦᠷ᠎ᠡ ᠶᠢ ᠤᠷᠤᠭᠤᠯᠤᠨ ᠳᠠᠩᠰᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠡᠳᠦᠭᠡ | ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ ᠃ | ᠨᠢᠭᠡ ᠂ ᠦᠷ᠎ᠡ ᠣᠷᠣᠭᠤᠯᠬᠤ ᠲᠠᠷᠢᠮᠠᠯ ᠤᠨ ᠲᠥᠷᠥᠯ ᠵᠦᠢᠯ | ᠡᠷᠳᠡᠨᠢ ᠰᠢᠰᠢ ᠂ ᠰᠢᠷ᠎ᠠ ᠪᠤᠷᠴᠠᠭ ᠂ ᠤᠰᠤᠨ ᠲᠤᠲᠤᠷᠭ᠎ᠠ ᠂ ᠪᠤᠭᠤᠳᠠᠢ ᠂ ᠬᠥᠪᠥᠩ ᠃ | ᠬᠤᠶᠠᠷ ᠂ ᠦᠷ᠎ᠡ ᠣᠷᠣᠭᠤᠯᠬᠤ ᠣᠷᠣᠨ ᠬᠡᠪᠴᠢᠶ᠎ᠡ ᠶᠢ ᠵᠠᠭᠠᠭᠯᠠᠨ ᠲᠣᠭᠲᠠᠭᠠᠬᠤ | ᠤᠯᠤᠰ ᠤᠨ ᠲᠠᠷᠢᠮᠠᠯ ᠤᠨ ᠦᠷ᠎ᠡ ᠶᠢ ᠬᠢᠨᠠᠨ ᠲᠣᠭᠲᠠᠭᠠᠬᠤ ᠵᠥᠪᠯᠡᠯ ᠤᠨ ︽ᠤᠯᠤᠰ ᠠᠴᠠ ᠬᠢᠨᠠᠨ | ᠲᠣᠭᠲᠠᠭᠠᠭᠰᠠᠨ ᠦᠷ᠎ᠡ ᠶᠢᠨ ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠢ ᠳᠠᠷᠤᠮᠠᠯᠯᠠᠨ ᠲᠠᠷᠬᠠᠭᠠᠬᠤ | ᠲᠤᠬᠠᠢ ᠮᠡᠳᠡᠭᠳᠡᠯ︾ ︵ᠤᠯᠤᠰ ᠦᠷ᠎ᠡ ᠬᠢᠨᠠᠯᠲᠠ ﹇2016﹈ 1 ᠳ᠋ᠤᠭᠡᠷ ᠲᠣᠭᠠᠲᠤ︶ ᠤᠨ ᠠᠳᠠᠯᠢ ᠨᠢᠭᠡᠨ | ᠲᠣᠬᠢᠷᠠᠮᠵᠢᠲᠠᠢ ᠠᠮᠢ ᠠᠬᠤᠢ ᠶᠢᠨ ᠣᠷᠣᠨ ᠢ ᠬᠤᠪᠢᠶᠠᠷᠢᠯᠠᠬᠤ ᠬᠡᠪᠴᠢᠶ᠎ᠡ ᠶᠢ ᠦᠨᠳᠦᠰᠦᠯᠡᠨ᠂ ᠮᠠᠨ ᠤ ᠣᠷᠣᠨ ᠯᠤᠭ᠎ᠠ | ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠳᠤ ᠬᠠᠷᠢᠶᠠᠯᠠᠭᠳᠠᠬᠤ ᠪᠤᠰᠤᠳ ᠮᠤᠵᠢ ᠶᠢᠨ ᠱᠠᠲᠤᠨ ᠤ | ᠬᠢᠨᠠᠨ ᠲᠣᠭᠲᠠᠭᠠᠭᠰᠠᠨ ᠭᠤᠣᠯ ᠪᠣᠯᠬᠤ ᠲᠠᠷᠢᠮᠠᠯ ᠢ ᠴᠦᠮ ᠦᠷ᠎ᠡ ᠣᠷᠣᠭᠤᠯᠤᠨ ᠳᠠᠩᠰᠠᠯᠠᠭᠤᠯᠵᠤ ᠪᠣᠯᠣᠨ᠎ᠠ᠃ | ᠭᠤᠷᠪᠠ ᠂ ᠡᠬᠦᠯᠳᠡᠷ ᠣᠷᠣᠭᠤᠯᠤᠭᠴᠢ | ᠡᠬᠦᠯᠳᠡᠷ ᠣᠷᠣᠭᠤᠯᠤᠭᠴᠢ ᠨᠢ ᠦᠷ᠎ᠡ ᠶᠢᠨ ᠡᠭᠦᠯᠳᠡᠷ ᠰᠣᠩᠭᠤᠨ ᠪᠣᠶᠢᠵᠢᠭᠤᠯᠬᠤ ᠨᠢᠭᠡᠴᠢ ︵ ᠬᠤᠪᠢ ᠬᠥᠮᠥᠨ ︶ | ᠪᠤᠶᠤ ᠦᠷ᠎ᠡ ᠣᠷᠣᠭᠤᠯᠵᠤ ᠲᠠᠷᠢᠮᠠᠯ ᠢ ᠦᠢᠯᠡᠳᠪᠦᠷᠢᠯᠡᠵᠦ ᠡᠵᠡᠩᠨᠡᠬᠦ ᠬᠢᠷᠢ ᠬᠡᠮ ᠲᠠᠢ ᠦᠷ᠎ᠡ ᠶᠢᠨ ᠠᠵᠤ | ᠠᠬᠤᠶᠢᠯᠠᠯ ᠪᠠᠶᠢᠬᠤ ᠬᠡᠷᠡᠭᠲᠡᠢ ᠃ | ᠳᠥᠷᠪᠡ ᠂ ᠡᠬᠦᠯᠳᠡᠷ ᠣᠷᠣᠭᠤᠯᠬᠤ ᠱᠠᠭᠠᠷᠳᠠᠯᠭ᠎ᠠ | ︵ ᠨᠢᠭᠡ ︶ ᠴᠠᠭ ᠲᠤᠬᠠᠢ ᠳᠤᠨᠢ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠮᠠᠨ ᠤ ᠣᠷᠣᠨ ᠳᠤ ᠦᠷ᠎ᠡ ᠶᠢ | ᠤᠷᠤᠭᠤᠯᠤᠨ ᠳᠠᠩᠰᠠᠯᠠᠭᠤᠯᠬᠤ ᠪᠠᠷ ᠪᠠᠶᠢᠭ᠎ᠠ ᠲᠥᠷᠥᠯ ᠵᠦᠢᠯ ᠢ 3 ᠰᠠᠷ᠎ᠠ ᠶᠢᠨ 30 ᠤ ᠡᠳᠦᠷ ᠠᠴᠠ ᠡᠮᠦᠨ᠎ᠡ᠂ | ᠡᠬᠦᠯᠳᠡᠷ ᠣᠷᠣᠭᠤᠯᠤᠭᠴᠢ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠤᠣᠯ ᠪᠣᠯᠬᠤ ᠲᠠᠷᠢᠮᠠᠯ ᠤᠨ ᠦᠷ᠎ᠡ ᠶᠢ ᠤᠷᠤᠭᠤᠯᠤᠨ ᠳᠠᠩᠰᠠᠯᠠᠭᠤᠯᠬᠤ ᠶᠢ ᠮᠡᠳᠡᠭᠦᠯᠦᠨ ᠳᠠᠩᠰᠠᠯᠠᠭᠤᠯᠬᠤ | ᠬᠦᠰᠦᠨᠦᠭᠲᠦ︾ ︵ᠳᠠᠭᠠᠯᠳᠤᠭᠤᠯᠤᠯ 1︶ ᠶᠢ ᠲᠠᠭᠯᠠᠵᠤ᠂ ᠠᠯᠪᠠᠨ ᠲᠠᠮᠠᠭ᠎ᠠ ᠳᠠᠷᠤᠵᠤ ᠰᠢᠷᠪᠢᠯᠲᠡ ᠶᠢᠨ ᠮᠠᠲ᠋ᠧᠷᠢᠶᠠᠯ | ᠵᠢᠴᠢ WORD ᠬᠡᠪᠯᠡᠯ ᠢ ᠢᠮᠧᠯ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ ᠲᠤ | ᠬᠦᠷᠭᠡᠵᠦ ᠮᠡᠳᠡᠭᠦᠯᠦᠨ ᠳᠠᠩᠰᠠᠯᠠᠭᠤᠯᠬᠤ ᠬᠡᠷᠡᠭᠲᠡᠢ ᠃ ᠱᠠᠭᠠᠷᠳᠠᠯᠭ᠎ᠠ ᠶᠣᠰᠣᠭᠠᠷ ᠲᠤᠷᠰᠢᠯᠲᠠ ᠶᠢᠨ ᠮᠡᠳᠡᠭᠡ | ᠵᠠᠩᠭᠢ ᠪᠠᠨ ᠮᠡᠳᠡᠭᠦᠯᠦᠨ ᠳᠠᠩᠰᠠᠯᠠᠭᠤᠯᠤᠭᠰᠠᠨ ᠦᠭᠡᠢ ᠲᠥᠷᠥᠯ ᠵᠦᠢᠯ ᠦᠷ᠎ᠡ ᠤᠷᠤᠭᠤᠯᠬᠤ ᠪᠠᠷ ᠳᠡᠩᠰᠡᠯᠡᠵᠦ ᠥᠭᠬᠦ | ᠦᠭᠡᠢ᠃ | ︵ᠬᠤᠶᠠᠷ︶ ᠵᠣᠬᠢᠴᠠᠬᠤ ᠴᠢᠨᠠᠷ᠂ ᠡᠪᠡᠳᠴᠢᠨ ᠢ ᠡᠰᠡᠷᠭᠦᠴᠡᠬᠦ ᠴᠢᠨᠠᠷ ᠤᠨ ᠲᠤᠷᠰᠢᠯᠲᠠ ᠶᠢ ᠦᠷᠨᠢᠭᠦᠯᠬᠦ | ᠬᠡᠷᠡᠭᠲᠡᠢ ᠃ ᠡᠬᠦᠯᠳᠡᠷ ᠣᠷᠣᠭᠤᠯᠤᠭᠴᠢ ᠨᠢ ᠮᠠᠨ ᠤ ᠣᠷᠣᠨ ᠤ ᠦᠷ᠎ᠡ ᠣᠷᠣᠭᠤᠯᠬᠤ ᠪᠠᠷ ᠪᠠᠶᠢᠭ᠎ᠠ ᠣᠷᠣᠨ | ᠪᠦᠰᠡ ᠳᠤ 1 ᠵᠢᠯ ᠠᠴᠠ ᠳᠤᠲᠠᠭᠤ ᠦᠭᠡᠢ ᠵᠣᠬᠢᠴᠠᠬᠤ ᠴᠢᠨᠠᠷ᠂ ᠡᠪᠡᠳᠴᠢᠨ ᠢ ᠡᠰᠡᠷᠭᠦᠴᠡᠬᠦ ᠴᠢᠨᠠᠷ ᠤᠨ | ᠲᠤᠷᠰᠢᠯᠲᠠ ᠶᠢ ᠥᠷᠨᠢᠭᠦᠯᠬᠦ ᠬᠡᠷᠡᠭᠲᠡᠢ᠃ | ᠵᠣᠬᠢᠴᠠᠬᠤ ᠴᠢᠨᠠᠷᠲᠠᠢ ᠲᠤᠷᠰᠢᠯᠲᠠ᠄ ︽ᠤᠯᠤᠰ ᠠᠴᠠ ᠬᠢᠨᠠᠨ ᠲᠣᠭᠲᠠᠭᠠᠬᠤ ᠲᠠᠷᠢᠮᠠᠯ ᠤᠨ ᠡᠭᠦᠯᠳᠡᠷ ᠤᠨ | ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠤ ᠲᠤᠬᠠᠢ ᠤᠯᠤᠰ ᠤᠨ ᠲᠠᠷᠢᠮᠠᠯ ᠤᠨ ᠡᠭᠦᠯᠳᠡᠷ ᠤᠨ ᠬᠢᠨᠠᠨ | ᠲᠣᠭᠲᠠᠭᠠᠬᠤ ᠵᠥᠪᠯᠡᠯ ᠤᠨ ᠮᠡᠳᠡᠭᠳᠡᠯ︾ ︵ᠤᠯᠤᠰ ᠡᠭᠦᠯᠳᠡᠷ ᠬᠢᠨᠠᠯᠲᠠ ﹇2016﹈ 1 ᠳ᠋ᠤᠭᠡᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠠᠮᠢ ᠠᠬᠤᠢ ᠶᠢᠨ ᠦᠢᠯᠡᠳᠪᠦᠷᠢᠯᠡᠯ ᠤᠨ ᠪᠣᠳᠠᠲᠠᠢ ᠲᠠᠢ | ᠤᠶᠠᠯᠳᠤᠭᠤᠯᠤᠨ᠂ ᠲᠣᠬᠢᠷᠠᠮᠵᠢᠲᠠᠢ ᠣᠷᠣᠨ ᠪᠦᠰᠡ ᠶᠢᠨ ᠳᠣᠲᠣᠷ᠎ᠠ ᠲᠤᠷᠰᠢᠯᠲᠠ ᠶᠢᠨ ᠠᠵᠢᠯ ᠢ ᠴᠢᠩᠭ᠎ᠠ ᠥᠷᠨᠢᠭᠦᠯᠬᠦ | ᠬᠡᠷᠡᠭᠲᠡᠢ᠃ ᠡᠬᠦᠯᠳᠡᠷ ᠣᠷᠣᠭᠤᠯᠤᠭᠴᠢ ᠨᠢ ᠦᠷ᠎ᠡ ᠣᠷᠣᠭᠤᠯᠬᠤ ᠪᠠᠷ ᠪᠠᠶᠢᠭ᠎ᠠ ᠣᠷᠣᠨ ᠪᠦᠰᠡ ᠶᠢᠨ ᠥᠪᠡᠷᠲᠡᠭᠡᠨ | ᠪᠤᠶᠤ ᠲᠤᠷᠰᠢᠯᠲᠠ ᠶᠢᠨ ᠴᠢᠳᠠᠪᠤᠷᠢ ᠲᠠᠢ ᠳᠠᠭᠠᠭᠠᠨ ᠲᠤᠷᠰᠢᠬᠤ ᠨᠢᠭᠡᠴᠢ ᠳᠤ ᠨᠠᠶᠢᠳᠠᠵᠤ ᠵᠣᠬᠢᠴᠠᠬᠤ ᠴᠢᠨᠠᠷ ᠲᠠᠢ | ᠲᠤᠷᠰᠢᠯᠲᠠ ᠶᠢ ᠬᠢᠯᠭᠡᠵᠦ᠂ ᠪᠦᠲᠦᠮᠵᠢᠲᠡᠶ ᠲᠤᠷᠰᠢᠯᠲᠠ ᠶᠢᠨ ᠴᠡᠭ ᠨᠢ 5 ᠠᠴᠠ ᠳᠤᠲᠠᠭᠤ ᠪᠠᠶᠢᠵᠤ ᠪᠣᠯᠬᠤ ᠦᠭᠡᠢ᠂ | ᠵᠢᠭᠳᠡ ᠪᠠᠷ ᠲᠠᠷᠬᠠᠭᠰᠠᠨ ᠮᠥᠷᠲᠡᠭᠡᠨ ᠠᠳᠠᠯᠢ ᠨᠢᠭᠡᠨ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠪᠦᠰᠡ ᠳᠤ | ᠪᠠᠶᠢᠬᠤ ᠦᠭᠡᠢ ᠨᠢ ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠤᠷᠰᠢᠯᠲᠠ ᠶᠢᠨ ᠴᠡᠭ ᠢ ᠰᠣᠩᠭᠤᠬᠤ ᠶᠢ | ᠰᠠᠨᠠᠭᠤᠯᠵᠤ᠂ ᠲᠤᠷᠰᠢᠯᠲᠠ ᠶᠢᠨ ᠵᠢᠷᠤᠭ ᠲᠥᠯᠥᠪᠯᠡᠭᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠷᠠᠭᠠᠯᠵᠠᠭᠰᠠᠨ ᠲᠠᠷᠢᠮᠠᠯ ᠤᠨ ᠦᠢᠯᠡᠳᠪᠦᠷᠢᠯᠡᠯ ᠤᠨ ᠲᠤᠷᠰᠢᠯᠲᠠ ᠶᠢᠨ ᠲᠥᠰᠥᠯ ᠢᠶᠠᠷ ᠯᠠᠪᠯᠠᠯᠲᠠ ᠪᠣᠯᠭᠠᠨ | ᠬᠡᠷᠡᠭᠵᠢᠭᠦᠯᠦᠭᠡᠷᠡᠢ ᠃ | ᠡᠪᠡᠳᠴᠢᠨ ᠡᠰᠡᠷᠭᠦᠴᠡᠬᠦ ᠴᠢᠨᠠᠷᠲᠠᠢ ᠲᠤᠷᠰᠢᠯᠲᠠ᠄ ᠦᠷ᠎ᠡ ᠶᠢ ᠤᠷᠤᠭᠤᠯᠤᠨ ᠳᠠᠩᠰᠠᠯᠠᠭᠰᠠᠨ ᠡᠭᠦᠯᠳᠡᠷ ᠨᠢ 1 | ᠦᠢᠯᠡᠳᠪᠦᠷᠢᠯᠡᠯ ᠤᠨ ᠦᠶᠡᠯᠡᠯ ᠤᠨ ᠬᠤᠭᠤᠴᠠᠭ᠎ᠠ ᠠᠴᠠ ᠳᠤᠲᠠᠭᠤ ᠦᠭᠡᠢ ᠡᠪᠡᠳᠴᠢᠨ ᠡᠰᠡᠷᠭᠦᠴᠡᠬᠦ ᠴᠢᠨᠠᠷ ᠢ ᠬᠢᠨᠠᠨ | ᠲᠣᠭᠲᠠᠭᠠᠬᠤ ᠲᠤᠷᠰᠢᠯᠲᠠ ᠶᠢᠨ ᠦᠷ᠎ᠡ ᠳ᠋ᠦᠩ ᠲᠠᠢ ᠪᠠᠶᠢᠵᠤ᠂ ᠬᠢᠨᠠᠨ ᠲᠣᠭᠲᠠᠭᠠᠬᠤ ᠲᠥᠷᠥᠯ ᠵᠦᠢᠯ ᠵᠢᠴᠢ ᠬᠢᠨᠠᠨ | ᠲᠣᠭᠲᠠᠭᠠᠬᠤ ᠨᠢᠭᠡᠴᠢ ᠨᠢ ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠤ ᠤᠯᠤᠰ ᠪᠤᠶᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠤᠨ ᠲᠤᠷᠰᠢᠯᠲᠠ ᠶᠢᠨ | ᠲᠥᠰᠥᠯ ᠯᠦᠭᠡ ᠨᠢᠭᠡᠳᠦᠯᠲᠡᠢ ᠪᠠᠶᠢᠵᠤ᠂ ᠬᠢᠨᠠᠨ ᠲᠣᠭᠲᠠᠭᠠᠬᠤ ᠴᠠᠭ ᠬᠤᠭᠤᠴᠠᠭ᠎ᠠ ᠨᠢ ᠵᠣᠬᠢᠴᠠᠬᠤ ᠴᠢᠨᠠᠷᠲᠠᠢ | ᠲᠤᠷᠰᠢᠯᠲᠠ ᠶᠢ ᠥᠷᠨᠢᠭᠦᠯᠦᠭᠰᠡᠨ ᠬᠤᠶᠠᠷ ᠵᠢᠯ ᠤᠨ ᠳᠣᠲᠣᠷ᠎ᠠ ᠪᠠᠶᠢᠬᠤ ᠬᠡᠷᠡᠭᠲᠡᠢ᠃ | ᠲᠠᠪᠤ ᠂ ᠬᠢᠨᠠᠯᠲᠠ ᠬᠠᠮᠢᠶᠠᠷᠤᠯᠲᠠ | ︵ᠨᠢᠭᠡ︶ ᠲᠠᠷᠢᠮᠠᠯ ᠤᠨ ᠤᠷᠭᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠬᠠᠢ | ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠭᠦᠯᠳᠡᠷ ᠣᠷᠣᠭᠤᠯᠬᠤ | ᠲᠤᠷᠰᠢᠯᠲᠠ ᠶᠢᠨ ᠪᠠᠶᠢᠳᠠᠯ ᠳᠤ ᠰᠤᠭᠤᠴᠢᠨ ᠪᠠᠶᠢᠴᠠᠭᠠᠯᠲᠠ ᠬᠢᠵᠦ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ | ᠠᠵᠤ ᠠᠬᠤᠢ ᠶᠢᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠳᠣᠲᠣᠷᠠᠬᠢ ᠡᠭᠦᠯᠳᠡᠷ ᠣᠷᠣᠭᠤᠯᠬᠤ | ᠲᠤᠷᠰᠢᠯᠲᠠ ᠶᠢᠨ ᠵᠢᠯᠣᠭᠤᠳᠤᠯᠭ᠎ᠠ ᠬᠢᠨᠠᠯᠲᠠ ᠶᠢ ᠴᠢᠩᠭᠠᠳᠬᠠᠬᠤ ᠶᠢᠨ ᠬᠠᠮᠲᠤ ᠬᠠᠮᠢᠶ᠎ᠠ ᠪᠦᠬᠦᠢ ᠲᠡᠮᠳᠡᠭᠯᠡᠯ ᠢ ᠰᠠᠶᠢᠲᠤᠷ | ᠬᠢᠬᠦ ᠬᠡᠷᠡᠭᠲᠡᠢ᠃ ᠲᠤᠷᠰᠢᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠲᠦᠷᠦᠯ ᠵᠦᠢᠯ ᠢ ᠲᠡᠩᠰᠡᠯᠡᠵᠦ ᠥᠭᠬᠦ | ᠦᠭᠡᠢ᠃ | ︵ᠬᠤᠶᠠᠷ︶ ᠲᠤᠷᠰᠢᠯᠲᠠ ᠬᠢᠬᠦ ᠶᠢ ᠡᠭᠦᠷᠭᠡᠯᠡᠬᠦ ᠨᠢᠭᠡᠴᠢ ᠨᠢ ᠭᠤᠣᠯ ᠪᠣᠯᠬᠤ ᠲᠠᠷᠢᠮᠠᠯ ᠤᠨ ᠡᠭᠦᠯᠳᠡᠷ ᠤᠨ | ᠲᠤᠷᠰᠢᠯᠲᠠ ᠶᠢᠨ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠲᠠᠷᠢᠶᠠᠨ ᠭᠠᠵᠠᠷ ᠤᠨ ᠬᠠᠮᠢᠶᠠᠷᠤᠯᠲᠠ ᠪᠠ | ᠠᠵᠢᠭᠯᠠᠯᠲᠠ ᠶᠢᠨ ᠲᠡᠮᠳᠡᠭᠯᠡᠯ ᠬᠢᠬᠦ ᠶᠢᠨ ᠬᠠᠮᠲᠤ᠂ ᠬᠠᠮᠢᠶ᠎ᠠ ᠪᠦᠬᠦᠢ ᠲᠠᠩᠰᠠ ᠡᠪᠬᠡᠮᠡᠯ ᠪᠠᠶᠢᠭᠤᠯᠵᠤ᠂ | ᠲᠤᠷᠰᠢᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠪᠦᠲᠦᠮᠵᠢᠲᠡᠶ᠂ ᠮᠥᠷᠳᠡᠵᠦ ᠪᠣᠯᠬᠤ ᠶᠢ ᠦᠨᠡᠨᠬᠦ | ᠪᠠᠲᠤᠯᠠᠬᠤ ᠬᠡᠷᠡᠭᠲᠡᠢ᠃ | ︵ᠭᠤᠷᠪᠠ︶ ᠡᠭᠦᠯᠳᠡᠷ ᠣᠷᠣᠭᠤᠯᠤᠭᠴᠢ ᠠᠴᠠ ᠲᠤᠷᠰᠢᠯᠲᠠ ᠬᠢᠬᠦ ᠪᠠ ᠡᠭᠦᠯᠳᠡᠷ ᠣᠷᠣᠭᠤᠯᠬᠤ ᠶᠢ | ᠳᠠᠩᠰᠠᠯᠠᠭᠤᠯᠬᠤ ᠶᠠᠪᠤᠴᠠ ᠳᠤ ᠪᠡᠶ᠎ᠡ ᠪᠠᠨ ᠴᠢᠩᠭ᠎ᠠ ᠱᠠᠭᠠᠷᠳᠠᠵᠤ ᠂ ᠬᠤᠳᠠᠯ ᠢᠶᠠᠷ ᠬᠢᠵᠦ ᠬᠠᠭᠤᠷᠮᠠᠭᠯᠠᠨ | ᠵᠣᠬᠢᠶᠠᠭᠰᠠᠨ ᠢ ᠣᠯᠵᠤ ᠮᠡᠳᠡᠪᠡᠯ ᠂ ᠡᠭᠦᠯᠳᠡᠷ ᠣᠷᠣᠭᠤᠯᠬᠤ ᠶᠢ ᠳᠠᠩᠰᠠᠯᠠᠭᠤᠯᠬᠤ ᠲᠡᠰ ᠳᠠᠷᠠᠭᠠᠯᠠᠯ ᠢ ᠵᠣᠭᠰᠣᠭᠠᠵᠤ ᠂ | ᠭᠤᠷᠪᠠᠨ ᠵᠢᠯ ᠤᠨ ᠳᠣᠲᠣᠷ᠎ᠠ ᠲᠤᠰ ᠨᠢᠭᠡᠴᠢ ᠶᠢᠨ ᠡᠭᠦᠯᠳᠡᠷ ᠣᠷᠣᠭᠤᠯᠬᠤ ᠶᠢ ᠳᠠᠩᠰᠠᠯᠠᠭᠤᠯᠬᠤ ᠶᠢ ᠭᠥᠯᠢᠶᠡᠨ ᠠᠪᠴᠤ | ᠰᠢᠢᠳᠪᠦᠷᠢᠯᠡᠬᠦ ᠦᠭᠡᠢ ᠃ | ᠵᠢᠷᠭᠤᠭ᠎ᠠ᠂ ᠳᠠᠩᠰᠠᠯᠠᠭᠤᠯᠤᠭᠰᠠᠨ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ | ︵ ᠨᠢᠭᠡ ︶ ᠡᠭᠦᠯᠳᠡᠷ ᠣᠷᠣᠭᠤᠯᠤᠭᠴᠢ ᠨᠢ ᠳᠣᠣᠷᠠᠬᠢ ᠮᠡᠲᠦ ᠳᠠᠩᠰᠠᠯᠠᠭᠤᠯᠬᠤ ᠮᠠᠲ᠋ᠧᠷᠢᠶᠠᠯ ᠢ ᠬᠠᠩᠭᠠᠬᠤ | ᠬᠡᠷᠡᠭᠲᠡᠢ | 1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ | ᠣᠷᠣᠭᠤᠯᠬᠤ ᠶᠢ ᠳᠠᠩᠰᠠᠯᠠᠭᠤᠯᠬᠤ ᠪᠠᠷ ᠮᠡᠳᠡᠭᠦᠯᠬᠦ ᠪᠢᠴᠢᠭ︾ ︵ᠳᠠᠭᠠᠯᠳᠤᠭᠤᠯᠤᠯ 2︶᠂ ᠬᠦᠰᠦᠨᠦᠭᠲᠦ ᠳᠤ | ᠲᠠᠭᠯᠠᠨ ᠪᠢᠴᠢᠭᠰᠡᠨ ᠮᠡᠳᠡᠭᠡ ᠵᠠᠩᠭᠢ ᠨᠢ ᠮᠡᠳᠡᠭᠦᠯᠦᠨ ᠳᠠᠩᠰᠠᠯᠠᠭᠤᠯᠬᠤ ᠦᠶ᠎ᠡ ᠳᠤ ᠲᠠᠭᠯᠠᠨ ᠪᠢᠴᠢᠭᠰᠡᠨ ᠮᠡᠳᠡᠭᠡ | ᠵᠠᠩᠭᠢ ᠲᠠᠢ ᠨᠢᠭᠡᠳᠦᠯᠲᠡᠢ ᠪᠠᠶᠢᠬᠤ ᠬᠡᠷᠡᠭᠲᠡᠢ᠃ | 2.ᠡᠭᠦᠯᠳᠡᠷ ᠣᠷᠣᠭᠤᠯᠤᠭᠴᠢ ᠶᠢᠨ ᠭᠡᠷᠡᠴᠢᠯᠡᠬᠦ ᠮᠠᠲ᠋ᠧᠷᠢᠶᠠᠯ ᠃ ᠡᠭᠦᠯᠳᠡᠷ ᠣᠷᠣᠭᠤᠯᠤᠭᠴᠢ ᠨᠢ ᠠᠵᠤ | ᠠᠬᠤᠶᠢᠯᠠᠯ ᠪᠠᠶᠢᠪᠠᠯ ᠂ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠪᠠᠭᠤᠯᠭᠠᠪᠤᠷᠢ ᠶᠢ ᠬᠠᠩᠭᠠᠬᠤ | ᠬᠡᠷᠡᠭᠲᠡᠢ ︔ ᠡᠭᠦᠯᠳᠡᠷ ᠣᠷᠣᠭᠤᠯᠤᠭᠴᠢ ᠶᠢᠨ ᠣᠷᠣᠭᠤᠯᠤᠭᠰᠠᠨ ᠡᠭᠦᠯᠳᠡᠷ ᠨᠢ ᠲᠤᠰ ᠨᠢᠭᠡᠴᠢ ᠪᠢᠰᠢ ᠪᠠᠶᠢᠪᠠᠯ ᠂ | ᠰᠣᠩᠭᠤᠨ ᠪᠣᠶᠢᠵᠢᠭᠤᠯᠬᠤ ᠨᠢᠭᠡᠴᠢ ︵ ᠬᠤᠪᠢ ᠬᠥᠮᠥᠨ ︶ ᠪᠤᠶᠤ ᠡᠭᠦᠯᠳᠡᠷ ᠥᠮᠴᠢᠯᠡᠬᠦ ᠡᠷᠬᠡ ᠲᠠᠢ ᠨᠢᠭᠡᠴᠢ ︵ ᠬᠤᠪᠢ | ᠬᠥᠮᠥᠨ ︶ ᠶᠢᠨ ᠡᠭᠦᠯᠳᠡᠷ ᠣᠷᠣᠭᠤᠯᠬᠤ ᠶᠢ ᠳᠠᠩᠰᠠᠯᠠᠭᠤᠯᠬᠤ ᠶᠢ ᠵᠥᠪᠰᠢᠶᠡᠷᠡᠭᠰᠡᠨ ᠪᠢᠴᠢᠭ ᠤᠨ ᠮᠠᠲ᠋ᠧᠷᠢᠶᠠᠯ ᠢ | ᠬᠠᠩᠭᠠᠬᠤ ᠬᠡᠷᠡᠭᠲᠡᠢ ᠃ | 3. ᠦᠷ᠎ᠡ ᠣᠷᠣᠭᠤᠯᠵᠤ ᠳᠠᠩᠰᠠᠯᠠᠭᠤᠯᠬᠤ ᠪᠠᠷ ᠪᠠᠶᠢᠭ᠎ᠠ ᠲᠥᠷᠥᠯ ᠵᠦᠢᠯ ᠤᠨ ᠵᠣᠬᠢᠴᠠᠬᠤ ᠴᠢᠨᠠᠷ ᠤᠨ | ᠲᠤᠷᠰᠢᠯᠲᠠ ᠶᠢᠨ ᠳ᠋ᠦᠩᠨᠡᠯᠲᠡ ᠶᠢᠨ ᠮᠡᠳᠡᠭᠦᠯᠦᠯᠲᠡ᠃ ᠮᠡᠳᠡᠭᠦᠯᠦᠯᠲᠡ ᠶᠢᠨ ᠠᠭᠤᠯᠭ᠎ᠠ ᠳᠤ᠄ ᠳᠠᠭᠠᠭᠠᠨ ᠲᠤᠷᠰᠢᠬᠤ | ᠨᠢᠭᠡᠴᠢ ᠵᠢᠴᠢ ᠪᠣᠳᠠᠲᠠᠢ ᠭᠠᠵᠠᠷ ᠣᠷᠣᠨ᠂ ᠲᠤᠷᠰᠢᠯᠲᠠ ᠶᠢᠨ ᠵᠢᠷᠤᠭ ᠲᠥᠯᠥᠪᠯᠡᠭᠡ᠂ ᠲᠤᠷᠰᠢᠯᠲᠠ ᠶᠢᠨ ᠦᠷ᠎ᠡ | ᠳ᠋ᠦᠩ ︵ᠡᠯ᠎ᠡ ᠲᠤᠷᠰᠢᠯᠲᠠ ᠶᠢᠨ ᠴᠡᠭ ᠤᠨ ᠲᠤᠭ᠎ᠠ ᠪᠠᠷᠢᠮᠲᠠ ᠵᠢᠴᠢ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ︶᠂ | ᠲᠥᠷᠥᠯ ᠵᠦᠢᠯ ᠤᠨ ᠣᠨᠴᠠᠯᠢᠭ ᠰᠢᠨᠵᠢ᠂ ᠳᠠᠷᠢᠵᠤ ᠪᠣᠶᠢᠵᠢᠭᠤᠯᠬᠤ ᠭᠤᠣᠯᠳᠠᠯᠭ᠎ᠠ᠂ ᠲᠦᠭᠰᠢᠭᠦᠷᠢ ᠶᠢᠨ ᠰᠠᠨᠠᠭᠤᠯᠤᠮᠵᠢ | ᠵᠢᠴᠢ ᠳ᠋ᠦᠩᠨᠡᠯᠲᠡ ᠵᠡᠷᠭᠡ ᠠᠭᠤᠯᠭ᠎ᠠ ᠪᠠᠭᠲᠠᠨ᠎ᠠ᠃ | 4. ᠦᠷ᠎ᠡ ᠣᠷᠣᠭᠤᠯᠵᠤ ᠳᠠᠩᠰᠠᠯᠠᠭᠤᠯᠬᠤ ᠪᠠᠷ ᠪᠠᠶᠢᠭ᠎ᠠ ᠡᠭᠦᠯᠳᠡᠷ ᠤᠨ ᠡᠪᠡᠳᠴᠢᠨ ᠡᠰᠡᠷᠭᠦᠴᠡᠬᠦ ᠴᠢᠨᠠᠷ ᠤᠨ | ᠲᠤᠷᠰᠢᠯᠲᠠ ᠶᠢᠨ ᠮᠡᠳᠡᠭᠦᠯᠦᠯᠲᠡ ᠃ | 5. ᠦᠷ᠎ᠡ ᠣᠷᠣᠭᠤᠯᠵᠤ ᠳᠠᠩᠰᠠᠯᠠᠭᠤᠯᠬᠤ ᠪᠠᠷ ᠪᠠᠶᠢᠭ᠎ᠠ ᠡᠭᠦᠯᠳᠡᠷ ᠤᠨ ᠬᠢᠨᠠᠨ ᠲᠣᠭᠲᠠᠭᠠᠭᠰᠠᠨ ᠦᠨᠡᠮᠯᠡᠯ ᠤᠨ | ᠪᠠᠭᠤᠯᠭᠠᠪᠤᠷᠢ ᠪᠣᠯᠣᠨ ᠬᠢᠨᠠᠨ ᠲᠣᠭᠲᠠᠭᠠᠭᠰᠠᠨ ᠠᠯᠪᠠᠨ ᠵᠠᠷ ᠤᠨ ᠪᠠᠭᠤᠯᠭᠠᠪᠤᠷᠢ ᠃ | 6. ᠦᠷ᠎ᠡ ᠣᠷᠣᠭᠤᠯᠵᠤ ᠳᠠᠩᠰᠠᠯᠠᠭᠤᠯᠬᠤ ᠪᠠᠷ ᠪᠠᠶᠢᠭ᠎ᠠ ᠲᠥᠷᠥᠯ ᠵᠦᠢᠯ ᠤᠨ ᠬᠡᠷᠡᠯ ᠵᠢᠷᠤᠭ᠃ ᠦᠷ᠎ᠡ | ᠣᠷᠣᠭᠤᠯᠵᠤ ᠳᠠᠩᠰᠠᠯᠠᠭᠤᠯᠬᠤ ᠪᠠᠷ ᠪᠠᠶᠢᠭ᠎ᠠ ᠲᠥᠷᠥᠯ ᠵᠦᠢᠯ ᠤᠨ ᠣᠨᠴᠠᠯᠢᠭ ᠰᠢᠨᠵᠢ ᠪᠦᠬᠦᠢ ᠬᠡᠷᠡᠯ ᠵᠢᠷᠤᠭ ᠢ | 4 - 6 ᠬᠤᠪᠢ ᠳᠣᠪᠤᠶᠢᠯᠭᠠᠵᠤ᠂ ᠦᠨᠡᠨ ᠪᠣᠳᠠᠲᠠᠢ᠂ ᠲᠣᠳᠣᠷᠬᠠᠢ᠂ ᠤᠷᠭᠤᠮᠠᠯ ᠤᠨ ᠰᠠᠭᠤᠷᠢ ᠪᠦᠷᠢᠨ ᠪᠦᠲᠦᠨ | ᠪᠠᠶᠢᠬᠤ ᠶᠢ ᠱᠠᠭᠠᠷᠳᠠᠵᠤ᠂ ᠲᠥᠷᠥᠯ ᠵᠦᠢᠯ ᠤᠨ ᠲᠤᠷᠰᠢᠯᠲᠠ ᠳᠤ ᠣᠷᠤᠯᠴᠠᠬᠤ ᠨᠡᠷᠡᠶᠢᠳᠦᠯ ᠢ ᠲᠣᠳᠣᠷᠬᠠᠶᠢᠯᠠᠵᠤ᠂ | A4 ᠴᠠᠭᠠᠰᠤᠨ ᠳᠡᠭᠡᠷ᠎ᠡ ᠨᠠᠭᠠᠬᠤ ᠬᠡᠷᠡᠭᠲᠡᠢ ᠃ ᠡᠷᠳᠡᠨᠢ ᠰᠢᠰᠢ ᠄ ᠴᠢᠬᠢᠯᠡᠬᠦ ᠬᠤᠭᠤᠴᠠᠭ᠎ᠠ ᠂ ᠡᠷ᠎ᠡ ᠰᠣᠷᠣᠬᠤ | ᠬᠤᠭᠤᠴᠠᠭ᠎ᠠ ᠂ ᠮᠢᠨᠳᠠᠰᠤ ᠪᠥᠭᠡᠯᠵᠢᠬᠦ ᠬᠤᠭᠤᠴᠠᠭ᠎ᠠ ᠳᠤ ᠲᠤᠰ ᠪᠦᠷᠢ 1 ᠬᠤᠪᠢ ᠂ ᠰᠦᠷᠦᠭᠵᠢᠯ ᠳᠤ 1 ᠬᠤᠪᠢ | (ᠰᠦ ᠪᠣᠯᠪᠠᠰᠤᠷᠠᠭᠰᠠᠨ ᠤ ᠰᠡᠭᠦᠯᠴᠢ ᠶᠢᠨ ᠬᠤᠭᠤᠴᠠᠭᠠᠨ ᠳᠤ ᠰᠡᠭᠦᠳᠡᠷᠯᠡᠨ᠎ᠡ ) ᠂ ᠵᠢᠮᠢᠰ ᠤᠨ ᠲᠦᠷᠦᠭᠦᠦ 1 ᠬᠤᠪᠢ ᠂ | ᠦᠷ᠎ᠡ 1 ᠬᠤᠪᠢ ᠂ ᠵᠢᠮᠢᠰ ᠤᠨ ᠲᠦᠷᠦᠭᠦᠦ ᠪᠠ ᠦᠷ᠎ᠡ ᠶᠢᠨ ᠰᠡᠭᠦᠳᠡᠷ ᠤᠨ ᠳᠡᠪᠢᠰᠬᠡᠷ ᠥᠩᠭᠡ ᠨᠢ ᠴᠡᠩᠬᠡᠷ | ᠥᠩᠭᠡᠲᠡᠢ ᠂ ᠵᠢᠮᠢᠰ ᠤᠨ ᠲᠦᠷᠦᠭᠦᠦ ᠶᠢᠨ ᠳᠤᠮᠳᠠ ᠬᠡᠰᠡᠭ ᠲᠤ ᠥᠷᠭᠡᠨ ᠤ ᠬᠡᠮᠵᠢᠶ᠎ᠡ ᠪᠠᠷ 3~5 ᠰᠠᠨᠲ᠋ᠢᠮᠧᠲᠷ ᠤᠨ | ᠲᠦᠷᠦᠭᠦᠦ ᠶᠢᠨ ᠲᠡᠩᠭᠡᠯᠢᠭ ᠢ ᠢᠯᠡᠷᠡᠭᠦᠯᠵᠦ ᠂ ᠡᠷᠯᠢᠰᠡᠵᠢᠭᠦᠯᠦᠭᠰᠡᠨ ᠦᠷ᠎ᠡ ᠶᠢᠨ ᠨᠡᠷᠡᠶᠢᠳᠦᠯ ᠢ ᠬᠠᠳᠠᠬᠤ ᠬᠡᠷᠡᠭᠲᠡᠢ᠃ | ᠰᠢᠷ᠎ᠠ ᠪᠤᠷᠴᠠᠭ ᠄ ᠳᠠᠩ ᠰᠠᠭᠤᠷᠢ ︵ ᠬᠤᠪᠢᠶᠠᠷᠢᠲᠤ ᠱᠤᠭᠤᠮ ᠲᠠᠢ ︶ ᠂ ᠰᠦᠷᠦᠭᠵᠢᠯ ᠂ ᠨᠠᠪᠴᠢ ᠂ ᠴᠡᠴᠡᠭ ᠂ | ᠬᠤᠩᠭᠤᠷᠴᠤᠭ ᠂ ᠦᠷ᠎ᠡ ᠲᠤᠰ ᠪᠦᠷᠢ 1 ᠬᠤᠪᠢ ᠪᠠᠶᠢᠬᠤ ᠶᠢ ᠱᠠᠭᠠᠷᠳᠠᠨ᠎ᠠ ︔ ᠬᠤᠩᠭᠤᠷᠴᠠᠭ᠂ ᠦᠷ᠎ᠡ ᠶᠢᠨ | ᠰᠡᠭᠦᠳᠡᠷ ᠤᠨ ᠳᠡᠪᠢᠰᠬᠡᠷ ᠥᠩᠭᠡ ᠨᠢ ᠬᠠᠷ᠎ᠠ ᠥᠩᠭᠡᠲᠡᠢ᠂ ᠲᠡᠭᠦᠨ ᠤ ᠲᠥᠷᠥᠯ ᠵᠦᠢᠯ ᠤᠨ ᠨᠡᠷᠡᠶᠢᠳᠦᠯ ᠢ ᠬᠠᠳᠠᠬᠤ | ᠬᠡᠷᠡᠭᠲᠡᠢ ᠃ ᠤᠰᠤᠨ ᠲᠤᠲᠤᠷᠭ᠎ᠠ ᠂ ᠪᠤᠭᠤᠳᠠᠢ ᠄ ᠳᠠᠩ ᠰᠠᠭᠤᠷᠢ ︵ ᠬᠤᠪᠢᠶᠠᠷᠢᠲᠤ ᠱᠤᠭᠤᠮ ᠲᠠᠢ ︶ ᠂ ᠰᠦᠷᠦᠭᠵᠢᠯ ᠂ | ᠲᠦᠷᠦᠭᠦᠦ ᠂ ᠦᠷ᠎ᠡ ᠲᠤᠰ ᠪᠦᠷᠢ 1 ᠬᠤᠪᠢ ᠪᠠᠶᠢᠬᠤ ᠶᠢ ᠱᠠᠭᠠᠷᠳᠠᠨ᠎ᠠ ︔ ᠲᠦᠷᠦᠭᠦᠦ᠂ ᠦᠷ᠎ᠡ ᠶᠢᠨ ᠰᠡᠭᠦᠳᠡᠷ ᠤᠨ | ᠳᠡᠪᠢᠰᠬᠡᠷ ᠥᠩᠭᠡ ᠨᠢ ᠤᠯᠠᠭᠠᠨ ᠥᠩᠭᠡᠲᠡᠢ᠂ ᠲᠡᠭᠦᠨ ᠤ ᠲᠥᠷᠥᠯ ᠵᠦᠢᠯ ᠤᠨ ᠨᠡᠷᠡᠶᠢᠳᠦᠯ ᠢ ᠬᠠᠳᠠᠬᠤ ᠬᠡᠷᠡᠭᠲᠡᠢ ᠃ | 7. ᠦᠷ᠎ᠡ ᠣᠷᠣᠭᠤᠯᠵᠤ ᠳᠠᠩᠰᠠᠯᠠᠭᠤᠯᠬᠤ ᠪᠠᠷ ᠪᠠᠶᠢᠭ᠎ᠠ ᠡᠭᠦᠯᠳᠡᠷ ᠤᠨ ᠬᠢᠨᠠᠨ ᠲᠣᠭᠲᠠᠭᠠᠯᠲᠠ ᠶᠢ ᠬᠦᠴᠦᠨ | ᠦᠭᠡᠢ ᠪᠣᠯᠭᠠᠭᠰᠠᠨ ᠠᠮᠠᠯᠠᠯᠲᠠ ᠶᠢᠨ ᠪᠢᠴᠢᠭ ᠃ | 8.ᠳᠠᠩᠰᠠᠯᠠᠭᠤᠯᠤᠭᠰᠠᠨ ᠲᠦᠷᠦᠯ ᠵᠦᠢᠯ ᠨᠢ ᠬᠠᠮᠠᠭᠠᠯᠠᠯᠲᠠ ᠶᠢᠨ ᠲᠦᠷᠦᠯ ᠵᠦᠢᠯ ᠪᠠᠶᠢᠪᠠᠯ ᠂ ᠲᠦᠷᠦᠯ | ᠵᠦᠢᠯ ᠤᠨ ᠡᠷᠬᠡᠲᠦ ᠬᠥᠮᠥᠨ ᠤ ᠪᠢᠴᠢᠭ ᠤᠨ ᠵᠥᠪᠰᠢᠶᠡᠷᠡᠯ ︵ ᠤᠭ ᠮᠠᠲ᠋ᠧᠷᠢᠶᠠᠯ ︶ ᠢ ᠬᠠᠩᠭᠠᠬᠤ ᠬᠡᠷᠡᠭᠲᠡᠢ ᠃ | 9. ᠦᠷ᠎ᠡ ᠣᠷᠣᠭᠤᠯᠵᠤ ᠳᠠᠩᠰᠠᠯᠠᠭᠤᠯᠤᠭᠰᠠᠨ ᠡᠭᠦᠯᠳᠡᠷ ᠤᠨ ᠦᠨᠡᠨ ᠪᠣᠳᠠᠲᠤ ᠴᠢᠨᠠᠷ ᠂ ᠠᠶᠤᠯᠭᠦᠢ ᠴᠢᠨᠠᠷ | ᠪᠠ ᠵᠣᠬᠢᠴᠠᠬᠤ ᠴᠢᠨᠠᠷ ᠤᠨ ᠠᠮᠠᠯᠠᠯᠲᠠ ᠶᠢᠨ ᠪᠢᠴᠢᠭ ᠃ | ᠳᠡᠭᠡᠷ᠎ᠡ ᠳᠤᠷᠠᠳᠤᠭᠰᠠᠨ ᠮᠠᠲ᠋ᠧᠷᠢᠶᠠᠯ ᠤᠳ ᠢ ᠳᠡᠰ ᠳᠠᠷᠠᠭ᠎ᠠ ᠪᠠᠷ ᠳᠡᠪᠲᠡᠷᠯᠡᠬᠦ ᠬᠡᠷᠡᠭᠲᠡᠢ ᠃ | ︵ᠬᠤᠶᠠᠷ︶ ᠳᠠᠩᠰᠠᠯᠠᠭᠤᠯᠤᠭᠰᠠᠨ ᠮᠠᠲ᠋ᠧᠷᠢᠶᠠᠯ ᠢ ᠲᠤᠰᠢᠶᠠᠬᠤ | ᠡᠭᠦᠯᠳᠡᠷ ᠣᠷᠣᠭᠤᠯᠤᠭᠴᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠣᠷ ︵https://zwfw.nmg.gov.cn/︶ ᠤᠨ ᠠᠳᠠᠯᠢ ᠨᠢᠭᠡᠨ | ᠲᠣᠬᠢᠷᠠᠮᠵᠢᠲᠠᠢ ᠠᠮᠢ ᠠᠬᠤᠢ ᠶᠢᠨ ᠣᠷᠣᠨ ᠤ ᠦᠷ᠎ᠡ ᠣᠷᠣᠭᠤᠯᠬᠤ ᠶᠢ ᠳᠠᠩᠰᠠᠯᠠᠭᠤᠯᠬᠤ ᠵᠦᠢᠯᠡᠰ ᠲᠤ ᠬᠦᠷᠴᠦ | ᠭᠦᠢᠴᠡᠳᠬᠡᠨ᠂ ᠱᠠᠭᠠᠷᠳᠠᠯᠭ᠎ᠠ ᠶᠣᠰᠣᠭᠠᠷ ᠡᠯᠧᠺᠲᠷᠣᠨ ᠬᠡᠪᠯᠡᠯ ᠪᠠ ᠴᠠᠭᠠᠰᠤᠨ ᠮᠠᠲ᠋ᠧᠷᠢᠶᠠᠯ ᠢᠶᠠᠨ ᠲᠤᠰᠢᠶᠠᠵᠤ | ᠪᠣᠯᠣᠨ᠎ᠠ᠃ | ᠲᠥᠪᠯᠡᠷᠡᠭᠦᠯᠦᠨ ᠭᠥᠯᠢᠶᠡᠨ ᠠᠪᠬᠤ ᠴᠠᠭ᠄ 1 ᠰᠠᠷ᠎ᠠ ᠶᠢᠨ 15 ᠤ ᠡᠳᠦᠷ ︱ 2 ᠰᠠᠷ᠎ᠠ ᠶᠢᠨ 15 ᠤ | ᠡᠳᠦᠷ | ᠬᠠᠷᠢᠯᠴᠠᠬᠤ ᠬᠥᠮᠥᠨ᠄ ᠼᠦᠢ ᠰᠢᠶᠣᠣ ᠬᠤᠩ ︵ᠡᠷᠳᠡᠨᠢ ᠰᠢᠰᠢ︶ 0471 ︱ 6285043 | ᠹᠦ᠋ ᠰᠢᠶᠣᠣ ᠬᠤᠸᠠ ︵ ᠰᠢᠷ᠎ᠠ ᠪᠤᠷᠴᠠᠭ ᠂ ᠬᠥᠪᠥᠩ ︶ 0471 - 6285043 | ᠰᠦᠨ ᠢᠦᠢ ᠶᠠᠨ ︵ ᠤᠰᠤᠨ ᠲᠤᠲᠤᠷᠭ᠎ᠠ ᠂ ᠪᠤᠭᠤᠳᠠᠢ ︶ 0471-6286603 | ᠢᠮᠧᠯ᠄ nmgzyfzc@126.com | | ᠳᠠᠭᠠᠯᠳᠤᠭᠤᠯᠤᠯ ᠄ 1.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ | ᠦᠷ᠎ᠡ ᠶᠢ ᠤᠷᠤᠭᠤᠯᠤᠨ ᠳᠠᠩᠰᠠᠯᠠᠭᠤᠯᠬᠤ ᠬᠦᠰᠦᠨᠦᠭᠲᠦ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ ᠦᠷ᠎ᠡ ᠶᠢ | ᠤᠷᠤᠭᠤᠯᠤᠨ ᠳᠠᠩᠰᠠᠯᠠᠭᠤᠯᠬᠤ ᠮᠡᠳᠡᠭᠦᠯᠦᠯᠲᠡ ᠶᠢᠨ ᠪᠢᠴᠢᠭ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2023 ᠣᠨ ᠤ 1 ᠰᠠᠷ᠎ᠠ ᠶᠢᠨ 27 ᠤ ᠡᠳᠦᠷ | |