ᠮᠠᠨ ᠤ ᠣᠷᠣᠨ ᠤ ᠮᠠᠯᠵᠢᠬᠤ ᠲᠠᠷᠢᠶᠠᠯᠠᠬᠤ ᠤᠷᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠠᠵᠢᠯ ᠲᠠᠰᠤᠷᠠᠯᠲᠠ ᠥᠬᠡᠢ ᠠᠬᠢᠵᠤ ᠪᠣᠢ
ᠨᠡᠶᠢᠲᠡᠯᠡᠭᠰᠡᠨ ᠴᠠᠭ᠄
2023/2/3
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠨᠢᠳᠤᠨᠤᠨ ᠮᠠᠨ ᠤ ᠣᠷᠣᠨ ᠤ ᠮᠠᠯᠵᠢᠬᠤ ᠲᠠᠷᠢᠶᠠᠯᠠᠬᠤ ᠤᠷᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠡᠯ᠎ᠡ ᠵᠦᠢᠯ ᠤᠨ ᠠᠵᠢᠯ ᠲᠣᠭᠲᠠᠭᠤᠨ ᠢᠶᠠᠷ ᠦᠷᠨᠢᠵᠤ᠂ ᠡᠯ᠎ᠡ ᠵᠦᠢᠯ ᠤᠨ ᠲᠣᠭᠲᠠᠭᠰᠠᠨ ᠡᠭᠦᠷᠭᠡ ᠪᠠᠨ ᠬᠤᠭᠤᠴᠠᠭ᠎ᠠ ᠶᠤᠰᠤᠭᠠᠷ ᠪᠡᠶᠡᠯᠡᠭᠦᠯᠪᠠ᠃      ᠮᠠᠯᠵᠢᠬᠤ ᠲᠠᠷᠢᠶᠠᠯᠠᠬᠤ ᠤᠷᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠠᠵᠢᠯ ᠪᠤᠯ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠤᠯᠤᠨ᠎ᠠ᠃ ᠨᠢᠳᠤᠨᠤᠨ ᠮᠠᠨ ᠤ ᠤᠷᠤᠨ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠤᠷᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠲᠥᠷᠥᠯ ᠵᠦᠢᠯ ᠤᠨ ᠪᠦᠲᠦᠭᠡᠯᠴᠢ ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ ᠡᠭᠦᠨ ᠳᠤ 4 ᠲᠥᠷᠥᠯ ᠵᠦᠢᠯ ᠢ ᠰᠣᠩᠭᠤᠨ ᠪᠦᠬᠦ ᠤᠯᠤᠰ ᠤᠨ ᠤᠷᠤᠯᠳᠤᠭᠠᠨ ᠳᠤ ᠳᠡᠪᠰᠢᠭᠦᠯᠵᠤ᠂ ᠰᠢᠯᠢ ᠶᠢᠨ ᠭᠤᠣᠯ ᠠᠶᠢᠮᠠᠭ ᠤᠨ ᠤᠷᠤᠯᠴᠠᠭᠴᠢ ᠳ᠋ᠦ᠋ ᠶᠦᠩ ᠪᠦᠬᠦ ᠤᠯᠤᠰ ᠤᠨ ᠰᠢᠢᠳᠪᠦᠷᠢᠲᠦ ᠤᠷᠤᠯᠳᠤᠭᠠᠨ ᠳᠤ ᠤᠷᠤᠯᠴᠠᠭᠰᠠᠨ ᠪᠠᠶᠢᠨ᠎ᠠ︔ ᠵᠢᠷᠭᠤᠳᠤᠭᠠᠷ ᠪᠦᠯᠦᠭ ᠤᠨ ᠪᠦᠬᠦ ᠤᠯᠤᠰ ᠤᠨ ᠬᠥᠳᠡᠭᠡ ᠲᠤᠰᠬᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠰᠢᠯᠢᠳᠡᠭ ᠳᠠᠭᠠᠭᠤᠯᠤᠭᠴᠢ ᠶᠢᠨ ᠨᠡᠶᠢᠲᠡᠯᠢᠭ ᠬᠡᠷᠡᠭ ᠤᠨ ᠵᠢᠱᠢᠶ᠎ᠠ ᠶᠢ ᠡᠯᠰᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠥᠷ ᠮᠣᠩᠭᠤᠯ ᠤᠨ ᠵᠢᠦᠢ ᠨᠦᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠶᠠᠨ ᠵᠢᠩ ᠵᠡᠷᠭᠡ 4 ᠬᠥᠮᠦᠨ ᠢ ᠰᠢᠯᠢᠨ ᠰᠣᠩᠭᠤᠵᠤ ᠬᠦᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠳᠤ ᠳᠡᠪᠰᠢᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠮᠠᠯᠵᠢᠬᠤ ᠲᠠᠷᠢᠶᠠᠯᠠᠬᠤ ᠤᠷᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠰᠢᠯᠢᠳᠡᠭ ᠳᠠᠭᠠᠭᠤᠯᠤᠭᠴᠢ ᠶᠢᠨ ᠨᠡᠶᠢᠲᠡᠯᠢᠭ ᠬᠡᠷᠡᠭ ᠤᠨ ᠵᠢᠱᠢᠶ᠎ᠠ ᠶᠢ 12 ᠭᠡᠷᠡᠴᠢᠯᠡᠨ ᠲᠣᠭᠲᠠᠭᠠᠪᠠ᠃ ᠪᠠᠰᠠ ᠮᠠᠨ ᠤ ᠣᠷᠣᠨ ᠤ ᠥᠩᠭᠡᠷᠡᠭᠰᠡᠨ ᠬᠤᠭᠤᠴᠠᠭᠠᠨ ᠤ ᠪᠦᠬᠦ ᠤᠯᠤᠰ ᠤᠨ ᠬᠥᠳᠡᠭᠡ ᠲᠤᠰᠬᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠤᠷᠤᠯᠳᠤᠭᠠᠨ ᠤ ᠱᠠᠩᠨᠠᠯ ᠬᠦᠷᠲᠡᠭᠰᠡᠳ ᠢ ᠵᠣᠬᠢᠶᠠᠨ ᠪᠠᠶᠢᠭᠤᠯᠤᠨ ᠲᠠᠨᠢᠯᠴᠠᠭᠤᠯᠵᠤ᠂ ᠪᠦᠬᠦ ᠤᠯᠤᠰ ᠤᠨ ︽ᠶᠡᠭᠡ ᠤᠯᠤᠰ ᠤᠨ ᠲᠠᠷᠢᠶᠠᠴᠢᠨ ᠳᠠᠷᠬᠠᠨ︾ ︵ᠦᠢᠯᠡᠰ ᠪᠤᠰᠬᠠᠵᠤ ᠰᠢᠨ᠎ᠡ ᠶᠢ ᠡᠭᠦᠳᠬᠦ ᠲᠥᠷᠥᠯ︶ ᠢ ᠰᠢᠯᠢᠨ ᠰᠣᠩᠭᠤᠬᠤ ᠠᠵᠢᠯ ᠳᠤ ᠣᠷᠣᠯᠴᠠᠭᠤᠯᠵᠤ᠂ ᠰᠢᠯᠢ ᠶᠢᠨ ᠭᠤᠣᠯ ᠠᠶᠢᠮᠠᠭ ᠤᠨ ᠪᠦᠷᠢᠨ ︽ᠶᠡᠭᠡ ᠤᠯᠤᠰ ᠤᠨ ᠲᠠᠷᠢᠶᠠᠴᠢᠨ ᠳᠠᠷᠬᠠᠨ︾ ︵ᠦᠢᠯᠡᠰ ᠪᠤᠰᠬᠠᠵᠤ ᠰᠢᠨ᠎ᠡ ᠶᠢ ᠡᠭᠦᠳᠬᠦ ᠲᠥᠷᠥᠯ︶ ᠤ ᠴᠣᠯᠠ ᠬᠦᠷᠲᠡᠪᠡ᠃      ᠮᠠᠨ ᠤ ᠤᠷᠤᠨ ᠬᠦᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠤ ᠬᠡᠷᠡᠴᠢᠯᠡᠨ ᠲᠣᠭᠲᠠᠭᠠᠭᠰᠠᠨ ᠪᠦᠬᠦ ᠤᠯᠤᠰ ᠤᠨ ᠬᠥᠳᠡᠭᠡ ᠲᠤᠰᠬᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ 44 ᠠᠵᠤ ᠦᠢᠯᠡᠰ ᠤᠨ ᠬᠦᠷᠢᠶᠡᠯᠡᠩ ︵ᠳᠠᠳᠤᠯᠭ᠎ᠠ ᠪᠣᠯᠪᠠᠰᠣᠷᠠᠯ ᠤᠨ ᠰᠠᠭᠤᠷᠢᠨ︶ ᠤᠨ ᠰᠠᠭᠤᠷᠢᠨ ᠳᠡᠭᠡᠷ᠎ᠡ ᠮᠠᠯᠵᠢᠬᠤ ᠲᠠᠷᠢᠶᠠᠯᠠᠬᠤ ᠤᠷᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ︵ᠳᠠᠳᠤᠯᠭ᠎ᠠ ᠪᠣᠯᠪᠠᠰᠣᠷᠠᠯ ᠤᠨ ᠰᠠᠭᠤᠷᠢᠨ︶ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠨᠤᠲᠤᠭ ᠲᠠᠭᠠᠨ ᠪᠤᠴᠠᠵᠤ ᠦᠢᠯᠡᠰ ᠪᠤᠰᠬᠠᠵᠤ ᠰᠢᠨ᠎ᠡ ᠶᠢ ᠡᠭᠦᠳᠬᠦ ᠬᠥᠮᠦᠰ ᠲᠤ ᠦᠢᠯᠡᠰ ᠪᠤᠰᠬᠠᠬᠤ ᠲᠠᠪᠴᠠᠩ ᠤᠨ ᠴᠢᠨᠠᠷ ᠰᠠᠶᠢᠲᠠᠢ ᠮᠡᠳᠡᠭᠡ ᠵᠠᠩᠭᠢ ᠶᠢ ᠬᠠᠩᠭᠠᠵᠤ ᠪᠤᠢ᠃ ᠮᠠᠯᠵᠢᠬᠤ ᠲᠠᠷᠢᠶᠠᠯᠠᠬᠤ ᠤᠷᠤᠨ ᠤ ᠦᠢᠯᠡᠰ ᠪᠤᠰᠬᠠᠬᠤ ᠬᠦᠷᠢᠶᠡᠯᠡᠩ ᠳᠤ ᠲᠠᠯᠠᠪᠤᠷ ᠭᠠᠵᠠᠷ᠂ ᠪᠣᠯᠪᠠᠰᠣᠷᠠᠯ ᠬᠦᠷᠳᠡᠭᠡᠭᠦ᠂ ᠯᠠᠪᠯᠠᠭ᠎ᠠ ᠬᠠᠩᠭᠠᠬᠤ ᠵᠡᠷᠭᠡ ᠡᠬᠢ ᠪᠠᠶᠠᠯᠢᠭ ᠢ ᠲᠥᠪᠯᠡᠷᠡᠭᠦᠯᠤᠨ᠂ ᠦᠢᠯᠡᠰ ᠪᠤᠰᠬᠠᠭᠴᠢᠳ ᠲᠤ ᠰᠠᠭᠤᠷᠢ ᠴᠢᠨᠠᠷᠲᠠᠢ ᠦᠢᠯᠡᠴᠢᠯᠡᠭᠡ ᠶᠢ ᠲᠥᠪᠯᠡᠷᠡᠭᠦᠯᠦᠨ ᠬᠠᠩᠭᠠᠵᠤ᠂ ᠦᠢᠯᠡᠰ ᠪᠤᠰᠬᠠᠭᠴᠢ ᠶᠢ ᠬᠠᠪᠰᠤᠷᠤᠨ ᠦᠢᠯᠡᠰ ᠪᠤᠰᠬᠠᠬᠤ ᠥᠪᠡᠷ ᠤᠨ ᠥᠷᠲᠡᠭ ᠢ ᠨᠢ ᠪᠠᠭᠤᠷᠠᠭᠤᠯᠵᠤ᠂ ᠦᠢᠯᠡᠰ ᠪᠤᠰᠬᠠᠬᠤ ᠶᠢᠨ ᠠᠮᠵᠢᠯᠲᠠ ᠣᠯᠬᠤ ᠨᠣᠷᠮ᠎ᠠ ᠶᠢ ᠳᠡᠭᠡᠭᠰᠢᠯᠡᠭᠦᠯᠦᠭᠰᠡᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号