ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠲᠢᠩᠬᠢᠮ ᠤᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/14
      3 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠲᠢᠩᠬᠢᠮ ᠤᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠠᠶᠢᠴᠢᠯᠠᠨ ᠪᠠᠶᠢᠷᠢᠯᠠᠭᠤᠯᠪᠠ ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ ᠡᠷᠭᠢᠯᠡᠪᠡ᠃
图片1.jpg
       ᠬᠤᠷᠠᠯ ᠠᠴᠠ ᠂ ︽ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾  ᠤ ᠠᠵᠢᠯ ᠪᠣᠯ ᠨᠠᠮ ᠪᠣᠯᠣᠨ ᠤᠯᠤᠰ ᠤᠨ ᠦᠢᠯᠡᠰ ᠤᠨ ᠰᠠᠭᠤᠷᠢ ᠴᠢᠨᠠᠷᠲᠠᠢ ᠠᠵᠢᠯ ᠪᠣᠯᠣᠨ᠎ᠠ ᠃ ᠣᠶᠢᠷ᠎ᠠ ᠶᠢᠨ ᠵᠢᠯ ᠤᠨ ᠲᠤᠷᠰᠢ ᠂ ᠪᠦᠬᠦ ᠣᠷᠣᠨ ᠤ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠦᠢᠯᠡᠰ ᠡᠯᠪᠡᠭ ᠪᠠᠶᠠᠯᠢᠭ ᠦᠷ᠎ᠡ ᠪᠦᠲᠦᠭᠡᠯ ᠣᠯᠵᠤ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ ᠃ ᠣᠳᠣᠬᠠᠨ ᠳᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠪᠠᠶᠢᠳᠠᠯ ᠮᠠᠰᠢ ᠰᠠᠶᠢᠨ᠂ ᠡᠭᠦᠷᠭᠡ ᠲᠣᠳᠣᠷᠬᠠᠢ ᠪᠠᠶᠢᠵᠤ᠂ ᠣᠯᠳᠠᠬᠤᠶ᠎ᠠ ᠪᠡᠷᠬᠡ ᠬᠥᠭᠵᠢᠯᠲᠡ ᠶᠢᠨ ᠠᠵᠠ ᠲᠣᠬᠢᠶᠠᠯ ᠳᠤ ᠲᠤᠯᠭᠠᠷᠠᠵᠤ ᠪᠠᠶᠢᠭ᠎ᠠ ᠪᠣᠯᠬᠤᠷ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠳᠤ ᠰᠠᠭᠤᠷᠢ ᠲᠠᠢ᠂ ᠢᠳᠡ ᠬᠦᠴᠦᠨ ᠲᠠᠢ᠂ ᠵᠢᠯᠣᠭᠤᠳᠤᠯᠭ᠎ᠠ ᠲᠠᠢ ᠪᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠣᠷᠣᠭᠠᠳ᠂ ᠰᠢᠨ᠎ᠡ ᠰᠢᠯᠭᠠᠯᠲᠠ ᠰᠢᠨ᠎ᠡ ᠥᠷᠢᠰᠦᠯᠳᠦᠭᠡᠨ ᠤ ᠡᠮᠦᠨ᠎ᠡ᠂ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠢᠨ ︽ᠶᠡᠭᠡ ᠨᠠᠮ ᠤᠨ ᠪᠠᠶᠢᠭᠤᠯᠤᠯᠲᠠ ᠪᠠᠷ ᠶᠡᠭᠡ ᠬᠥᠭᠵᠢᠯᠲᠡ ᠶᠢ ᠠᠬᠢᠭᠤᠯᠵᠤ᠂ ᠶᠡᠭᠡ ᠳᠡᠭᠡᠭᠰᠢᠯᠡᠯᠲᠡ ᠶᠢ ᠪᠡᠶᠡᠯᠡᠭᠦᠯᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠲᠥᠷᠥ ᠶᠢᠨ ᠤᠬᠠᠮᠰᠠᠷ᠂ ᠪᠦᠯᠬᠦᠮ ᠨᠡᠶᠢᠲᠡ ᠶᠢᠨ ᠤᠬᠠᠮᠰᠠᠷ᠂ ᠮᠡᠳᠡᠭᠦᠯᠦᠯᠲᠡ ᠶᠢᠨ ᠤᠬᠠᠮᠰᠠᠷ᠂ ᠲᠠᠩᠰᠠ ᠲᠤᠰᠢᠶᠠᠬᠤ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠲᠥᠷᠥᠯ ᠵᠦᠢᠯ ᠤᠨ ᠤᠬᠠᠮᠰᠠᠷ᠂ ᠲᠡᠷᠢᠭᠦᠨ ᠵᠡᠷᠭᠡ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ᠂ ᠠᠰᠠᠭᠤᠳᠠᠯ ᠤᠨ ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ ᠵᠡᠷᠭᠡ ︽ᠠᠷᠪᠠᠨ ᠵᠦᠢᠯ ᠤᠨ ᠤᠬᠠᠮᠰᠠᠷ︾ ᠢ ᠰᠠᠶᠢᠲᠤᠷ ᠪᠣᠶ ᠪᠣᠯᠭᠠᠵᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠢᠯᠠᠨ ᠳᠠᠪᠠᠵᠤ᠂ ᠡᠯ᠎ᠡ ᠵᠦᠢᠯ ᠤᠨ ᠠᠵᠢᠯ ᠢᠶᠠᠨ ᠳᠡᠭᠡᠭᠰᠢᠯᠡᠭᠦᠯᠦᠨ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠶᠡᠭᠡ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠤᠨᠠᠯᠲᠠ ᠶᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠠᠵᠠᠷ᠂ ᠤᠰᠤ᠂ ᠦᠷ᠎ᠡ ︾ ᠪᠠ ︽ᠠᠮᠤ ᠪᠤᠳᠠᠭ᠎ᠠ᠂ ᠮᠢᠬ᠎ᠠ᠂ ᠰᠦ ︾ ᠵᠡᠷᠭᠡ ᠵᠢᠷᠭᠤᠭᠠᠨ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ ︽ᠭᠤᠷᠪᠠᠨ ᠬᠠᠭᠤᠳᠠᠰᠤ ᠨᠠᠷᠢᠨ ᠲᠠᠩᠰᠠ︾ ︽ᠨᠢᠭᠡ ᠬᠠᠭᠤᠳᠠᠰᠤ ᠭᠤᠷᠪᠠᠨ ᠬᠦᠰᠦᠨᠦᠭᠲᠦ︾ ᠶᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠨ ᠪᠦᠲᠦᠭᠡᠨ ᠪᠠᠶᠢᠭᠤᠯᠬᠤ ᠬᠡᠷᠡᠭᠲᠡᠢ᠃ ︽ ᠨᠢᠭᠡ ᠬᠥᠯᠭᠡ ᠰᠢᠲᠠᠷ᠎ᠠ ︾ ᠶᠢᠨ ᠦᠵᠡᠯ ᠰᠠᠨᠠᠭ᠎ᠠ ᠲᠠᠢ ᠪᠠᠶᠢᠵᠤ ᠂ ︽ ᠤᠶᠤᠨ ᠤ ᠬᠥᠮᠥᠷᠭᠡ ︾ ᠶᠢ ᠬᠡᠷᠡᠭᠯᠡᠬᠦ ᠶᠢ ᠰᠤᠷᠴᠤ ᠂ ︽ ᠭᠠᠳᠠᠭᠠᠳᠤ ᠬᠦᠴᠦᠨ ︾ ᠢ ᠠᠰᠢᠭᠯᠠᠬᠤ ᠬᠡᠷᠡᠭᠲᠡᠢ ᠃ ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠯᠡᠨ ᠣᠯᠵᠤ᠂ ᠴᠢᠬᠤᠯᠠ ᠶᠡᠭᠡ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ ᠃ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠲᠣᠭᠲᠠᠴᠠ ᠶᠢ ᠪᠤᠢ ᠪᠣᠯᠭᠠᠬᠤ ᠬᠡᠷᠡᠭᠲᠡᠢ ᠃ ︽ᠵᠡᠭᠦᠨᠰᠢ ᠪᠠᠷᠠᠭᠤᠨᠰᠢ ᠰᠤᠷᠤᠯᠴᠠᠵᠤ ︾ ᠂ ᠦᠪᠡᠷ ᠤᠨ ᠭᠠᠵᠠᠷ ᠠᠯᠪᠠᠨ ᠭᠡᠷ ᠲᠤ ᠪᠠᠨ ᠰᠠᠭᠤᠷᠢᠯᠠᠵᠤ ᠬᠠᠷᠢᠯᠴᠠᠨ ᠰᠤᠷᠤᠯᠴᠠᠵᠤ ᠂ ᠪᠦᠬᠦ ᠣᠷᠣᠨ ᠤ ᠲᠡᠷᠢᠭᠦᠨ ᠤ ᠲᠢᠩᠬᠢᠮ ᠲᠣᠪᠴᠢᠶ᠎ᠠ ᠠᠴᠠ ᠰᠤᠷᠤᠯᠴᠠᠬᠤ ᠳᠤ ᠰᠠᠭᠤᠷᠢᠯᠠᠵᠤ ᠂ ᠪᠦᠬᠦ ᠤᠯᠤᠰ ᠤᠨ ᠰᠤᠷᠤᠯᠴᠠᠯᠭ᠎ᠠ ᠬᠥᠭᠵᠢᠭᠰᠡᠨ ᠮᠤᠵᠢ ᠣᠷᠣᠨ ᠳᠤ ᠰᠠᠭᠤᠷᠢᠯᠠᠵᠤ ᠂ ᠦᠨᠡᠨ ᠬᠦ ︽ ᠰᠤᠷᠲᠠᠯ ᠢᠶᠠᠨ ᠰᠠᠶᠢᠵᠢᠷᠠᠭᠤᠯᠵᠤ ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ︾ ᠬᠡᠷᠡᠭᠲᠡᠢ ᠃ ᠴᠠᠭ ᠪᠢᠳᠡᠨ ᠢ ᠬᠦᠯᠢᠶᠡᠬᠦ ᠦᠭᠡᠢ ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭᠠᠨ ᠤ ᠡᠷᠴᠢ ᠵᠣᠷᠢᠭ ᠢᠶᠠᠷ ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ ᠂ ᠰᠢᠷᠭᠠᠭᠤ ᠬᠠᠲᠠᠭᠤᠵᠢᠯᠲᠠᠢ ᠠᠵᠢᠯᠯᠠᠵᠤ ᠂ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾  ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠬᠦ ᠬᠡᠷᠡᠭᠳᠡᠢ ᠭᠡᠵᠦ ᠱᠠᠭᠠᠷᠳᠠᠪᠠ︕
图片2.jpg
       ᠭᠡᠷ ᠲᠤ ᠪᠠᠨ ᠪᠠᠶᠢᠭ᠎ᠠ ᠲᠢᠩᠬᠢᠮ ᠤᠨ ᠤᠳᠤᠷᠢᠳᠤᠯᠭ᠎ᠠ᠂ ᠶᠡᠷᠦᠩᠬᠡᠢ ᠢᠨᠵᠧᠨᠧᠷ᠂ ᠲᠢᠩᠬᠢᠮ ᠤᠨ ᠪᠠᠶᠢᠭᠤᠯᠤᠯᠭ᠎ᠠ ᠶᠢᠨ ᠪᠥᠬᠦ ᠠᠯᠪᠠᠲᠠᠨ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠲᠥᠪ ᠤᠨ ᠡᠯ᠎ᠡ ᠭᠠᠵᠠᠷ ᠠᠯᠪᠠᠨ ᠭᠡᠷ ᠤᠨ ᠭᠤᠣᠯ ᠬᠠᠷᠢᠭᠤᠴᠠᠯᠭᠠᠲᠠᠨ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号