ᠯᠢᠨ ᠾᠧ ᠲᠣᠭᠤᠷᠢᠭ ᠤᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ 2023 ᠣᠨ ᠤ ᠪᠤᠭᠤᠳᠠᠢ ᠶᠢᠨ ᠦᠢᠯᠡᠳᠪᠦᠷᠢᠯᠡᠯ ᠢ ᠰᠠᠶᠢᠲᠤᠷ ᠠᠳᠬᠤᠵᠦ ᠪᠠᠶᠢᠨ᠎ᠠ
ᠨᠡᠶᠢᠲᠡᠯᠡᠭᠰᠡᠨ ᠴᠠᠭ᠄
2023/3/15
      ᠡᠨᠡ ᠵᠢᠯ᠂ ᠯᠢᠨ ᠾᠧ ᠲᠣᠭᠤᠷᠢᠭ ᠤᠨ ᠪᠤᠭᠤᠳᠠᠢ ᠲᠠᠷᠢᠬᠤ ᠡᠭᠦᠷᠭᠡ ᠶᠢᠨ ᠲᠠᠯᠠᠪᠠᠢ  ᠨᠢ 20 ᠲᠦᠮᠡᠨ ᠮᠦ ᠳᠤ ᠬᠦᠷᠴᠦ᠂ ᠪᠤᠭᠤᠳᠠᠢ ᠶᠢᠨ ᠬᠠᠪᠤᠷ ᠤᠨ ᠲᠠᠷᠢᠶᠠᠯᠠᠭ᠎ᠠ ᠶᠢᠨ ᠲᠠᠯᠠᠪᠠᠢ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠯᠢᠨ ᠾᠧ ᠲᠣᠭᠤᠷᠢᠭ ᠤᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠤᠭᠤᠳᠠᠢ ᠶᠢᠨ ᠦᠢᠯᠡᠳᠪᠦᠷᠢᠯᠡᠯ ᠢ ᠰᠠᠶᠢᠲᠤᠷ ᠠᠳᠬᠤᠵᠦ ᠪᠠᠶᠢᠨ᠎ᠠ ᠃ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠯᠢᠨ ᠾᠧ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠣᠣ ᠵᠢᠶᠦ᠋ᠨ ᠯᠢᠩ ᠣᠯᠠᠨ ᠤᠳᠠᠭ᠎ᠠ ᠲᠤᠰᠬᠠᠢ ᠬᠤᠷᠠᠯ ᠬᠤᠷᠠᠯᠳᠤᠭᠤᠯᠵᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠰᠢᠶᠠᠩ ᠪᠠᠯᠭᠠᠰᠤ᠂ ᠲᠠᠷᠢᠶᠠᠯᠠᠩ ᠤᠨ ᠲᠠᠯᠠᠪᠠᠶ ᠶᠢᠨ ᠬᠢᠨ ᠲᠠᠨᠢᠯᠲᠠ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠤᠭᠤᠳᠠᠢ ᠶᠢᠨ ᠲᠠᠷᠢᠶᠠᠨ ᠭᠠᠵᠠᠷ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ 2023 ᠣᠨ ᠤ ᠪᠤᠭᠤᠳᠠᠢ ᠶᠢᠨ ᠦᠢᠯᠡᠳᠪᠦᠷᠢᠯᠡᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ︽ᠯᠢᠨ ᠾᠧ ᠲᠣᠭᠤᠷᠢᠭ ᠤᠨ 2023 ᠣᠨ ᠤ ᠪᠤᠭᠤᠳᠠᠢ ᠶᠢᠨ ᠲᠥᠪᠯᠡᠷᠡᠨ ᠵᠠᠯᠭᠠᠯᠳᠤᠭᠰᠠᠨ ᠲᠠᠷᠢᠮᠠᠯ  ᠳᠤ ᠨᠥᠬᠦᠪᠦᠷᠢ ᠥᠭᠬᠦ ᠠᠷᠭ᠎ᠠ︾ ᠶᠢ ᠨᠡᠶᠢᠲᠡᠯᠡᠵᠦ᠂ ᠲᠥᠪᠯᠡᠷᠡᠨ ᠵᠠᠯᠭᠠᠯᠳᠤᠭᠰᠠᠨ ᠪᠤᠭᠤᠳᠠᠢ ᠂ ᠪᠤᠭᠤᠳᠠᠢ ᠪᠠ ᠡᠷᠳᠡᠨᠢ ᠰᠢᠰᠢ ᠶᠢ ᠠᠯᠠᠭᠯᠠᠨ ᠲᠠᠷᠢᠬᠤ ᠳᠤ ᠨᠥᠬᠦᠪᠦᠷᠢ ᠥᠭᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ ︵ᠲᠠᠩ ᠳᠠᠷᠢᠭᠰᠠᠨ ᠪᠤᠭᠤᠳᠠᠢ  ᠨᠢ 200 ᠮᠦ ᠠᠴᠠ ᠳᠡᠭᠡᠭᠰᠢ ᠪᠠᠶᠢᠪᠠᠯ ᠂ ᠮᠦ ᠪᠦᠷᠢ ᠳᠤ 150 ᠲᠥᠭᠦᠷᠢᠭ ᠤᠨ ᠨᠥᠬᠦᠪᠦᠷᠢ ᠥᠭᠭᠦᠨ᠎ᠡ ︔ 2000 ᠮᠦ ᠠᠴᠠ ᠳᠡᠭᠡᠭᠰᠢ ᠪᠠᠶᠢᠪᠠᠯ ᠂ ᠮᠦ ᠪᠦᠷᠢ ᠳᠤ 200 ᠲᠥᠭᠦᠷᠢᠭ ᠤᠨ ᠨᠥᠬᠦᠪᠦᠷᠢ ᠥᠭᠭᠦᠨ᠎ᠡ ︔ 10000 ᠮᠦ ᠠᠴᠠ ᠳᠡᠭᠡᠭᠰᠢ ᠪᠠᠶᠢᠪᠠᠯ᠂ ᠮᠦ ᠪᠦᠷᠢ ᠳᠤ 300 ᠲᠥᠭᠦᠷᠢᠭ ᠤᠨ ᠨᠥᠬᠦᠪᠦᠷᠢ ᠥᠭᠭᠦᠨ᠎ᠡ᠃ ᠪᠤᠭᠤᠳᠠᠢ ᠪᠠ ᠡᠷᠳᠡᠨᠢ ᠰᠢᠰᠢ ᠶᠢ ᠠᠯᠠᠭᠯᠠᠨ ᠲᠠᠷᠢᠭᠰᠠᠨ  ᠨᠢ 200 ᠮᠦ ᠠᠴᠠ ᠳᠡᠭᠡᠭᠰᠢ ᠪᠠᠶᠢᠪᠠᠯ᠂ ᠮᠦ ᠪᠦᠷᠢ ᠳᠤ 300 ᠲᠥᠭᠦᠷᠢᠭ ᠤᠨ ᠨᠥᠬᠦᠪᠦᠷᠢ ᠥᠭᠭᠦᠨ᠎ᠡ︔ 3000 ᠮᠦ ᠠᠴᠠ ᠳᠡᠭᠡᠭᠰᠢ ᠪᠠᠶᠢᠪᠠᠯ᠂ ᠮᠦ ᠪᠦᠷᠢ ᠳᠤ 400 ᠲᠥᠭᠦᠷᠢᠭ ᠤᠨ ᠨᠥᠬᠦᠪᠦᠷᠢ ᠥᠭᠭᠦᠨ᠎ᠡ︶᠂ ᠲᠥᠷᠥ ᠶᠢᠨ ᠪᠣᠳᠣᠯᠭ᠎ᠠ ᠶᠢᠨ ᠨᠥᠬᠦᠪᠦᠷᠢ ᠦᠭᠬᠦ ᠪᠠᠷ ᠬᠥᠲᠥᠯᠥᠨ ᠵᠢᠯᠤᠭᠤᠳᠬᠤ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢᠨ ᠲᠠᠷᠢᠶᠠᠯᠠᠭ᠎ᠠ ᠶᠢᠨ ᠤᠷᠮ᠎ᠠ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠨ᠎ᠡ᠃      ᠯᠢᠨ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠠᠴᠠ ᠪᠣᠳᠠᠲᠠᠢ ᠡᠭᠦᠷᠭᠡ ᠶᠢ ᠡᠯ᠎ᠡ ᠰᠢᠶᠠᠩ ᠪᠠᠯᠭᠠᠰᠤ᠂ ᠲᠠᠷᠢᠶᠠᠯᠠᠩ ᠤᠨ ᠲᠠᠯᠠᠪᠠᠶ ᠳᠤ ᠬᠤᠪᠢᠶᠠᠨ ᠥᠭᠴᠦ᠂ ᠡᠭᠦᠷᠭᠡ ᠶᠢᠨ ᠲᠠᠯᠠᠪᠠᠶ ᠶᠢ 25 ᠲᠦᠮᠡᠨ ᠮᠦ ᠬᠤᠪᠢᠶᠠᠨ ᠥᠭᠴᠦ᠂ ᠰᠢᠶᠠᠩ ᠪᠠᠯᠭᠠᠰᠤ᠂ ᠲᠠᠷᠢᠶᠠᠯᠠᠩ ᠤᠨ ᠲᠠᠯᠠᠪᠠᠶ ᠠᠴᠠ ᠬᠤᠲᠠ ᠲᠣᠭᠤᠷᠢᠭ ᠬᠤᠶᠠᠷ ᠱᠠᠲᠤᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠡᠭᠦᠷᠭᠡ ᠶᠢ ᠲᠣᠰᠬᠤᠨ ᠠᠴᠠ ᠭᠠᠵᠠᠷ ᠲᠤ ᠬᠦᠷᠲᠡᠯ᠎ᠡ ᠬᠤᠪᠢᠶᠠᠨ ᠥᠭᠴᠡᠢ ᠃ ᠪᠤᠭᠤᠳᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠯᠠᠩ ᠱᠠᠨ ᠪᠠᠯᠭᠠᠰᠤ ᠶᠢᠨ ᠭᠤᠸᠠᠩ ᠮᠢᠩ ᠲᠣᠰᠬᠤᠨ ᠂ ᠭᠠᠨ ᠵᠤᠤ ᠮᠢᠶᠣᠣ ᠪᠠᠯᠭᠠᠰᠤ ᠶᠢᠨ ᠰᠢᠨ ᠹᠧᠩ᠂ ᠵᠢᠶᠠᠨ ᠮᠢᠨ ᠲᠣᠰᠬᠤᠨ ᠳᠤ 2 ᠲᠦᠮᠡᠨ ᠮᠦ ᠬᠦᠷᠢᠶᠡᠯᠡᠩ ᠲᠣᠭᠤᠷᠢᠭ ᠢ ᠨᠠᠶᠢᠳᠠᠪᠤᠷᠢᠵᠢᠭᠤᠯᠵᠤ ᠂ ᠬᠦᠷᠢᠶᠡᠯᠡᠩ ᠲᠣᠭᠤᠷᠢᠭ ᠤᠨ ᠨᠥᠯᠥᠭᠡᠯᠡᠨ ᠳᠠᠶᠢᠴᠢᠯᠠᠬᠤ ᠪᠠᠷ ᠳᠠᠮᠵᠢᠨ ᠂ ᠪᠤᠭᠤᠳᠠᠢ ᠲᠠᠷᠢᠬᠤ ᠲᠠᠯᠠᠪᠠᠢ ᠶᠢ ᠥᠷᠭᠡᠳᠬᠡᠪᠡ ᠃ ᠾᠧᠩ ᠹᠧᠩ᠂ ᠵᠣᠣ ᠹᠧᠩ᠂ ᠵᠥᠩ ᠯᠢᠶᠠᠩ᠂ ᠶᠢᠨ ᠱᠠᠨ ᠰᠢᠦᠸᠠᠢ ᠲᠠᠢ ᠵᠣᠯᠭᠠᠭᠤᠯᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠨᠠᠶᠢᠳᠠᠪᠤᠷᠢᠵᠢᠭᠤᠯᠤᠨ᠂ ᠪᠤᠭᠤᠳᠠᠢ ᠶᠢᠨ ᠵᠠᠬᠢᠶᠠᠯᠠᠭ᠎ᠠ ᠶᠢᠨ ᠦᠨ᠎ᠡ ᠶᠢ ᠵᠢᠩ ᠳᠤ ᠪᠠᠨ 1.8 ᠲᠥᠭᠦᠷᠢᠭ ᠢᠶᠠᠷ ᠲᠣᠭᠲᠠᠭᠠᠪᠠ ᠃      3 ᠰᠠᠷ᠎ᠠ ᠶᠢᠨ 12 ᠤᠨ ᠡᠳᠦᠷ ᠪᠣᠯᠲᠠᠯ᠎ᠠ᠂ ᠯᠢᠨ ᠾᠧ ᠲᠣᠭᠤᠷᠢᠭ ᠤᠨ ᠪᠤᠭᠤᠳᠠᠢ ᠳᠠᠷᠢᠭᠰᠠᠨ ᠲᠠᠯᠠᠪᠠᠶ  ᠨᠢ 10.14 ᠲᠦᠮᠡᠨ ᠮᠦ ᠬᠦᠷᠴᠦ᠂ ᠡᠭᠦᠷᠭᠡ ᠪᠠᠨ ᠪᠡᠶᠡᠯᠡᠭᠦᠯᠦᠭᠰᠡᠨ ᠲᠠᠯᠠᠪᠠᠶ ᠶᠢᠨ 50.7% ᠶᠢ ᠡᠵᠡᠯᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号