ᠵᠢᠭᠠᠰᠤᠨ ᠤ ᠠᠵᠤ ᠦᠢᠯᠡᠰ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠪᠦᠬᠦ ᠣᠷᠣᠨ ᠤ ᠵᠢᠭᠠᠰᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/3/16
      2023 ᠣᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 14 ︱ 15 ᠤ ᠡᠳᠦᠷ ᠪᠣᠯᠲᠠᠯ᠎ᠠ᠂ ᠵᠢᠭᠠᠰᠤᠨ  ᠤ ᠠᠵᠤ ᠦᠢᠯᠡᠰ ᠵᠢᠭᠠᠰᠤᠨ  ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠣᠷᠣᠨ ᠤ ᠵᠢᠭᠠᠰᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ 
W020230316605538462393.jpg
       ᠪᠣᠯᠪᠠᠰᠤᠷᠠᠯ ᠤᠨ ᠠᠩᠭᠢ ᠨᠢ ᠬᠤᠵᠢᠷᠯᠢᠭ ᠭᠠᠵᠠᠷ ᠤᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠪᠠ ᠶᠡᠷᠦᠩᠬᠡᠶᠢᠯᠡᠨ ᠠᠰᠢᠭᠯᠠᠬᠤ᠂ ᠲᠤᠲᠤᠷᠭ᠎ᠠ ᠶᠢᠨ ᠵᠢᠭᠠᠰᠤ ᠶᠢ ᠶᠡᠷᠦᠩᠬᠡᠶᠢᠯᠡᠨ ᠳᠠᠷᠢᠵᠤ ᠲᠡᠵᠢᠭᠡᠬᠦ᠂ ᠬᠦᠢᠲᠡᠨ ᠤᠰᠤᠨ ᠤ ᠵᠢᠭᠠᠰᠤᠨ ᠤ ᠠᠵᠤ ᠦᠢᠯᠡᠰ ᠤᠨ ᠬᠥᠭᠵᠢᠯᠲᠡ᠂ ᠤᠰᠤᠨ ᠭᠠᠳᠠᠷᠭᠤ ᠶᠢᠨ ᠠᠮᠢ ᠠᠬᠤᠢ ᠶᠢᠨ ᠲᠡᠵᠢᠭᠡᠨ ᠦᠷᠡᠵᠢᠭᠦᠯᠬᠦ ᠵᠡᠷᠭᠡ ᠵᠢᠭᠠᠰᠤᠨ  ᠤ ᠠᠵᠤ ᠦᠢᠯᠡᠰ ᠤᠨ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠤᠨ ᠲᠣᠭᠤᠷᠢᠨ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠤᠰᠤᠨ ᠤ ᠭᠠᠷᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠱᠠᠩᠬᠠᠢ ᠶᠢᠨ ᠲᠡᠯᠡᠶ ᠲᠠᠩᠭᠢᠰ ᠤᠨ ᠶᠡᠭᠡ ᠰᠤᠷᠭᠠᠭᠤᠯᠢ ᠵᠡᠷᠭᠡ ᠨᠢᠭᠡᠴᠢ ᠶᠢᠨ ᠨᠠᠷᠠᠲᠤ ᠲᠤᠰᠬᠠᠢ ᠮᠡᠷᠭᠡᠵᠢᠯᠲᠡᠨ ᠢ ᠤᠷᠢᠵᠤ ᠲᠤᠰᠬᠠᠢ ᠰᠡᠳᠦᠪ ᠢᠶᠠᠷ ᠬᠢᠴᠢᠶᠡᠯᠯᠡᠭᠦᠯᠵᠦ᠂ ᠲᠠᠯᠠᠢ ᠨᠠᠭᠤᠷ ᠤᠨ ᠵᠢᠭᠠᠰᠤᠨ  ᠤ ᠠᠵᠤ ᠦᠢᠯᠡᠰ ᠤᠨ ᠺᠣᠮᠫᠠᠨᠢ ᠶᠢᠨ ᠬᠠᠷᠢᠭᠤᠴᠠᠯᠭᠠᠲᠠᠨ ᠢ ᠤᠷᠢᠵᠤ ᠵᠢᠭᠠᠰᠤᠨ  ᠤ ᠠᠵᠤ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠪᠣᠯᠪᠠᠰᠤᠷᠠᠯ ᠬᠢᠯᠭᠡᠵᠡᠢ᠃ ᠪᠣᠯᠪᠠᠰᠤᠷᠠᠯ ᠳᠤ ᠣᠷᠣᠯᠴᠠᠭᠰᠠᠳ ᠬᠢᠴᠢᠶᠡᠯᠯᠡᠬᠦ ᠠᠭᠤᠯᠭ᠎ᠠ ᠵᠢᠴᠢ ᠣᠨ ᠤ ᠵᠢᠭᠠᠰᠤᠨ  ᠤ ᠠᠵᠤ ᠦᠢᠯᠡᠰ ᠤᠨ ᠭᠤᠣᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠤᠨ ᠶᠠᠷᠢᠯᠴᠠᠵᠤ ᠰᠣᠯᠢᠯᠴᠠᠪᠠ᠃ 
4.jpg
       ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠴᠢᠬᠤᠯᠠᠴᠢᠯᠠᠬᠤ ᠳᠤ ᠪᠠᠨ ᠂ ᠡᠯ᠎ᠡ ᠠᠶᠢᠮᠠᠭ ᠬᠤᠲᠠ ᠶᠢᠨ  ᠬᠢᠨ ᠲᠣᠰ ᠤᠳᠠᠭᠠᠨ ᠤ ᠪᠣᠯᠪᠠᠰᠤᠷᠠᠯ ᠢ ᠲᠤᠬᠠᠢ ᠶᠢᠨ ᠭᠠᠵᠠᠷ ᠤᠨ ᠵᠢᠭᠠᠰᠤᠨ  ᠤ ᠠᠵᠤ ᠦᠢᠯᠡᠰ ᠤᠨ ᠦᠢᠯᠡᠳᠪᠦᠷᠢᠯᠡᠯ ᠤᠨ ᠪᠣᠳᠠᠲᠠᠢ ᠲᠠᠢ ᠤᠶᠠᠯᠳᠤᠭᠤᠯᠵᠤ᠂ ᠤᠰᠤᠨ ᠤ ᠭᠠᠷᠤᠯᠲᠠ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠬᠦᠴᠦᠯᠡᠨ ᠰᠠᠶᠢᠲᠤᠷ ᠠᠳᠬᠤᠵᠤ᠂ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠲᠦᠯᠬᠢᠨ ᠠᠬᠢᠭᠤᠯᠵᠤ᠂ ᠵᠢᠭᠠᠰᠤᠨ  ᠤ  ᠠᠵᠤ ᠦᠢᠯᠡᠰ ᠤᠨ ᠠᠶᠤᠯᠭᠦᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠢᠭᠠᠰᠤᠨ  ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠮᠢᠶ᠎ᠠ ᠪᠦᠬᠦᠢ ᠠᠵᠢᠯᠲᠠᠨ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠵᠢᠭᠠᠰᠤᠨ  ᠤ ᠠᠵᠤ ᠦᠢᠯᠡᠰ ᠵᠢᠭᠠᠰᠤᠨ  ᠤ ᠶᠠᠪᠤᠳᠠᠯ ᠤᠨ ᠰᠠᠯᠠᠭ᠎ᠠ ᠶᠢᠨ ᠳᠠᠷᠤᠭ᠎ᠠ᠂ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠤᠭᠴᠢ ᠵᠢᠴᠢ ᠭᠤᠣᠯᠳᠠᠯᠭ᠎ᠠ ᠲᠠᠢ ᠵᠢᠭᠠᠰᠤᠨ  ᠤ ᠠᠵᠤ ᠦᠢᠯᠡᠰ ᠤᠨ ᠦᠢᠯᠡᠳᠪᠦᠷᠢᠯᠡᠯ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠵᠡᠷᠭᠡ 100 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号