ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︽ᠲᠦᠷᠭᠡᠨ ᠠᠵᠢᠯᠯᠠᠬᠤ᠂ ᠪᠣᠳᠠᠲᠠᠢ ᠠᠵᠢᠯᠯᠠᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/16
      ᠥᠪᠡᠷᠲᠡᠭᠡᠨ ᠵᠠᠰᠠᠬᠤ ᠣᠷᠣᠨ ᠤ ︽ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ︽ᠲᠦᠷᠭᠡᠨ ᠠᠵᠢᠯᠯᠠᠬᠤ᠂ ᠪᠣᠳᠠᠲᠠᠢ ᠠᠵᠢᠯᠯᠠᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠱᠠᠲᠤ ᠦᠶ᠎ᠡ ᠶᠢᠨ ᠠᠵᠢᠯ ᠢ ᠰᠠᠶᠢᠲᠤᠷ ᠥᠷᠨᠢᠭᠦᠯᠦᠨ᠂ 3 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠶᠠᠷᠢᠯᠴᠠᠬᠤ ᠬᠤᠷᠠᠯ ᠬᠤᠷᠠᠯᠳᠤᠭᠤᠯᠵᠤ᠂ OA ᠠᠵᠢᠯᠯᠠᠭᠠᠨ ᠤ ᠶᠠᠪᠤᠴᠠ ᠶᠢ ᠳᠥᠭᠦᠮᠴᠢᠯᠡᠬᠦ᠂ ᠠᠯᠪᠠᠨ ᠪᠢᠴᠢᠭ ᠤᠨ ᠠᠵᠢᠯᠯᠠᠭᠠᠨ ᠤ ᠲᠠᠰ ᠳᠠᠷᠠᠭᠠᠯᠠᠯ ᠢ ᠵᠢᠷᠤᠮᠵᠢᠭᠤᠯᠬᠤ᠂ ᠠᠯᠪᠠᠨ ᠪᠢᠴᠢᠭ ᠢ ᠮᠡᠳᠡᠭᠦᠯᠦᠨ ᠬᠦᠷᠭᠡᠬᠦ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠠᠵᠢᠯ ᠤᠨ ᠲᠤᠬᠠᠢ ᠭᠦᠨᠵᠡᠭᠡᠢ ᠰᠣᠯᠢᠯᠴᠠᠪᠠ᠃ ᠲᠢᠩᠬᠢᠮ ᠤᠨ ᠪᠠᠶᠢᠭᠤᠯᠤᠯᠭ᠎ᠠ ᠶᠢᠨ ᠡᠯ᠎ᠡ ᠭᠠᠵᠠᠷ ᠠᠯᠪᠠᠨ ᠭᠡᠷ᠂ ᠪᠠᠶᠢᠭᠤᠯᠤᠯᠭ᠎ᠠ ᠶᠢᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠵᠠᠢ᠃      ᠶᠠᠷᠢᠯᠴᠠᠬᠤ ᠬᠤᠷᠠᠯ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠢ ᠪᠤᠴᠠᠭᠠᠬᠤ ᠬᠠᠮᠢᠶᠠᠷᠤᠯᠲᠠ ᠶᠢᠨ ᠳᠦᠷᠢᠮ︾ ᠢ ᠰᠤᠷᠤᠯᠴᠠᠨ ᠤᠯᠠᠮᠵᠢᠯᠠᠵᠤ᠂ ᠲᠣᠰ ᠡᠳᠦᠷ ᠠᠴᠠ ᠡᠬᠢᠯᠡᠨ ᠲᠢᠩᠬᠢᠮ ᠤᠨ ᠠᠯᠪᠠᠨ ᠭᠡᠷ ᠠᠴᠠ ᠡᠯ᠎ᠡ ᠭᠠᠵᠠᠷ ᠠᠯᠪᠠᠨ ᠭᠡᠷ ᠲᠣᠪᠴᠢᠶ᠎ᠠ ᠶᠢᠨ ᠪᠢᠴᠢᠭ ᠮᠠᠲ᠋ᠧᠷᠢᠶᠠᠯ ᠢ ᠪᠤᠴᠠᠭᠠᠭᠰᠠᠨ ᠪᠠᠶᠢᠳᠠᠯ ᠢ ᠰᠠᠷ᠎ᠠ ᠪᠠᠷ ᠵᠠᠷᠯᠠᠨ ᠮᠡᠳᠡᠭᠳᠡᠵᠦ᠂ ᠵᠠᠷᠯᠠᠨ ᠮᠡᠳᠡᠭᠳᠡᠬᠦ ᠪᠠᠷ ᠴᠢᠬᠤᠯᠠᠴᠢᠯᠠᠬᠤ ᠶᠢ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ᠃ ᠲᠢᠩᠬᠢᠮ ᠤᠨ ᠠᠯᠪᠠᠨ ᠭᠡᠷ ᠤᠨ ᠨᠠᠶᠢᠷᠠᠭᠤᠯᠤᠨ ᠬᠡᠪᠯᠡᠭᠦᠯᠦᠭᠰᠡᠨ ︽ᠠᠯᠪᠠᠨ ᠪᠢᠴᠢᠭ ᠤᠨ ᠵᠠᠭᠪᠤᠷ ᠤᠨ ᠲᠤᠳᠤᠷᠠᠬᠠᠢ ᠬᠠᠭᠤᠳᠠᠰᠤ ︾ ︽ᠣᠳᠣᠬᠠᠨ ᠤ ᠠᠯᠪᠠᠨ ᠪᠢᠴᠢᠭ ᠢ ᠰᠢᠢᠳᠪᠦᠷᠢᠯᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠨᠠᠷᠢᠨ ᠲᠠᠩᠰᠠ︾ ᠳᠤ ᠲᠠᠶᠢᠯᠤᠮᠵᠢ ᠬᠢᠵᠦ᠂ ᠠᠯᠪᠠᠨ ᠪᠢᠴᠢᠭ ᠤᠨ ᠵᠠᠭᠪᠤᠷ᠂ ᠡᠬᠡ ᠪᠢᠴᠢᠭ ᠢ ᠲᠤᠭᠤᠷᠪᠢᠬᠤ ᠱᠠᠭᠠᠷᠳᠠᠯᠭ᠎ᠠ ᠶᠢ ᠳᠠᠬᠢᠨ ᠲᠣᠳᠣᠷᠬᠠᠶᠢᠯᠠᠪᠠ᠃ ᠣᠳᠣᠬᠠᠨ ᠤ ᠠᠯᠪᠠᠨ ᠪᠢᠴᠢᠭ ᠢ ᠰᠢᠢᠳᠪᠦᠷᠢᠯᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠢᠩᠬᠢᠮ ᠤᠨ ᠠᠯᠪᠠᠨ ᠭᠡᠷ ᠤᠨ ᠠᠯᠪᠠᠨ ᠪᠢᠴᠢᠭ ᠤᠨ ᠠᠵᠢᠯᠯᠠᠭᠠᠨ ᠤ ᠡᠯ᠎ᠡ ᠭᠤᠭᠴᠤᠭ᠎ᠠ ᠶᠢᠨ ᠬᠠᠷᠢᠭᠤᠴᠠᠯᠭᠠᠲᠠᠨ᠂ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ OA ᠠᠯᠪᠠᠨ ᠪᠢᠴᠢᠭ ᠤᠨ ᠰᠢᠰᠲ᠋ᠧᠮ ᠤᠨ ᠬᠠᠮᠠᠭᠠᠯᠠᠯᠲᠠ ᠶᠢ ᠬᠠᠷᠢᠭᠤᠴᠠᠵᠤ ᠪᠠᠶᠢᠭ᠎ᠠ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠮᠡᠷᠭᠡᠵᠢᠯᠲᠡᠨ ᠂ ᠠᠯᠪᠠᠨ ᠪᠢᠴᠢᠭ ᠢ ᠬᠤᠷᠢᠶᠠᠨ ᠲᠠᠷᠬᠠᠭᠠᠬᠤ ᠭᠤᠭᠴᠤᠭ᠎ᠠ ᠳᠤ ᠢᠯᠡᠷᠡᠭᠦᠯᠦᠭᠰᠡᠨ ᠡᠯ᠎ᠡ ᠲᠥᠷᠥᠯ ᠤᠨ ᠠᠰᠠᠭᠤᠳᠠᠯ ᠤᠨ ᠲᠤᠬᠠᠢ ᠡᠯ᠎ᠡ ᠭᠠᠵᠠᠷ ᠠᠯᠪᠠᠨ ᠭᠡᠷ ᠲᠣᠪᠴᠢᠶ᠎ᠠ ᠶᠢᠨ ᠠᠯᠪᠠᠨ ᠪᠢᠴᠢᠭ ᠭᠦᠢᠴᠡᠳᠬᠡᠬᠦ ᠠᠵᠢᠯᠲᠠᠨ ᠲᠠᠢ ᠰᠣᠯᠢᠯᠴᠠᠪᠠ᠃      ᠲᠤᠰ ᠤᠳᠠᠭᠠᠨ ᠤ ᠶᠠᠷᠢᠯᠴᠠᠬᠤ ᠬᠤᠷᠠᠯ ᠢᠶᠠᠷ ᠳᠠᠮᠵᠢᠭᠤᠯᠤᠨ ᠬᠤᠷᠠᠯ ᠳᠤ ᠣᠷᠣᠯᠴᠠᠭᠰᠠᠨ ᠨᠥᠬᠦᠳ ᠤᠨ ︽ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ   ᠶᠢᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠰᠬᠠᠢ ᠠᠵᠢᠯᠯᠠᠭ᠎ᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠰᠢᠨ᠎ᠡ ᠬᠡᠪ ᠰᠤᠷᠲᠠᠯ ᠢ ᠪᠣᠶ ᠪᠣᠯᠭᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠰᠠᠶᠢᠨ ᠳᠦᠷᠢ ᠲᠥᠷᠬᠦ ᠶᠢ ᠪᠣᠶ ᠪᠣᠯᠭᠠᠨ᠎ᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号