ᠥᠪᠥᠷ ᠮᠣᠩᠭᠤᠯ ᠪᠥᠬᠦ ᠤᠯᠤᠰ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠦᠢᠯᠡᠳᠬᠦᠨ ᠳᠤ ᠴᠣᠬᠢᠯᠲᠠ ᠥᠭᠬᠦ ᠲᠤᠰᠬᠠᠢ ᠵᠠᠰᠠᠯᠲᠠ ᠶᠢᠨ ᠠᠵᠢᠯᠯᠠᠭ᠎ᠠ ᠶᠢ ᠵᠡᠷᠭᠡᠪᠡᠷ  ᠡᠬᠢᠯᠡᠭᠦᠯᠪᠡ
ᠨᠡᠶᠢᠲᠡᠯᠡᠭᠰᠡᠨ ᠴᠠᠭ᠄
2023/3/17
      3 ᠰᠠᠷ᠎ᠠ ᠶᠢᠨ 16 ᠤ ᠡᠳᠦᠷ᠂ ᠪᠥᠬᠦ ᠤᠯᠤᠰ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠦᠢᠯᠡᠳᠭᠦᠨ ᠳᠤ ᠴᠣᠬᠢᠯᠲᠠ ᠥᠭᠬᠦ ᠲᠤᠰᠬᠠᠢ ᠵᠠᠰᠠᠯᠲᠠ ᠶᠢᠨ ᠠᠵᠢᠯᠯᠠᠭ᠎ᠠ ᠶᠢᠨ  ᠸᠢᠳᠢᠤ᠋ ᠬᠤᠷᠠᠯ ᠪᠡᠭᠡᠵᠢᠩ ᠳᠤ ᠬᠤᠷᠠᠯᠳᠤᠪᠠ᠂ ᠬᠤᠷᠠᠯ  ᠠᠴᠠ ᠪᠥᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠦᠢᠯᠡᠳᠭᠦᠨ ᠳᠤ ᠴᠣᠬᠢᠯᠲᠠ ᠥᠭᠬᠦ ᠶᠢ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠥᠭᠡᠳ ᠪᠥᠬᠦ ᠤᠯᠤᠰ ᠤᠨ ᠬᠡᠪᠴᠢᠶᠡᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠦᠢᠯᠡᠳᠭᠦᠨ ᠳᠤ ᠴᠣᠬᠢᠯᠲᠠ ᠥᠭᠬᠦ ᠲᠤᠰᠬᠠᠢ ᠵᠠᠰᠠᠯᠲᠠ ᠶᠢᠨ ᠠᠵᠢᠯᠯᠠᠭ᠎ᠠ ᠶᠢ ᠡᠬᠢᠯᠡᠭᠦᠯᠵᠦ᠂ ᠥᠪᠥᠷ ᠮᠣᠩᠭᠤᠯ ᠵᠡᠷᠭᠡᠪᠡᠷ ᠡᠬᠢᠯᠡᠭᠦᠯᠪᠡ᠃ 
图片1.png
      3 ᠰᠠᠷ᠎ᠠ  ᠠᠴᠠ ᠨᠠᠭᠠᠰᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠠᠪᠤᠷ ᠤᠨ ᠲᠠᠷᠢᠶᠠᠯᠠᠭ᠎ᠠ  ᠶᠢᠨ ᠪᠡᠯᠡᠳᠬᠡᠯ ᠠᠵᠢᠯ  ᠢ ᠵᠠᠯᠭᠠᠭ᠎ᠠ ᠪᠠᠷ ᠦᠷᠨᠢᠭᠦᠯᠪᠡ᠃ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠣᠷᠣᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ  ᠨᠢ ᠡᠷᠲᠡ ᠠᠴᠠ ᠠᠷᠭ᠎ᠠ ᠰᠦᠪᠡᠭᠴᠢᠯᠡᠨ᠂ ᠡᠷᠲᠡ ᠠᠴᠠ ᠬᠥᠳᠡᠯᠦᠯᠴᠡᠵᠦ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ᠂ ᠡᠬᠢ ᠡᠭᠦᠰᠦᠯ ᠠᠴᠠ ᠨᠢ ᠵᠠᠰᠠᠬᠤ᠂ ᠲᠣᠭᠤᠷᠢᠨ ᠪᠠᠶᠢᠴᠠᠭᠠᠬᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠵᠠᠷᠯᠠᠨ ᠮᠡᠳᠡᠭᠳᠡᠵᠦ ᠢᠯᠡᠴᠢᠯᠡᠬᠦ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠦᠢᠯᠡᠳᠭᠦᠨ ᠳᠤ ᠴᠣᠬᠢᠯᠲᠠ ᠥᠭᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯᠲᠡᠨ ᠢ ᠤᠷᠢᠨ ᠣᠷᠣᠯᠴᠠᠭᠤᠯᠵᠤ᠂ 2 ᠰᠠᠷ᠎ᠠ ᠶᠢᠨ ᠡᠬᠢᠨ ᠠᠴᠠ ᠡᠬᠢᠯᠡᠨ ᠤᠷᠢᠳ ᠬᠤᠵᠢᠳ ᠤᠯᠠᠭᠠᠨᠴᠠᠪ ᠬᠤᠲᠠ᠂ ᠪᠠᠶᠠᠨᠨᠠᠭᠤᠷ ᠬᠤᠲᠠ᠂ ᠦᠬᠠᠢ ᠬᠤᠲᠠ᠂ ᠪᠤᠭᠤᠲᠤ ᠬᠤᠲᠠ ᠵᠡᠷᠭᠡ 4 ᠠᠶᠢᠮᠠᠭ ᠬᠤᠲᠠ ᠶᠢᠨ 11 ᠬᠤᠰᠢᠭᠤ ᠰᠢᠶᠠᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠵᠦ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠴᠤ ᠵᠠᠯᠭᠠᠭ᠎ᠠ ᠪᠠᠷ ᠡᠬᠢᠯᠡᠪᠡ᠃ ᠣᠲᠣ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 10155 ᠬᠥᠮᠥᠨ ᠤᠳᠠᠭ᠎ᠠ ᠬᠥᠳᠡᠯᠭᠡᠵᠦ᠂ 1813 ᠤᠳᠠᠭ᠎ᠠ ᠲᠣᠭᠤᠷᠢᠨ ᠪᠠᠶᠢᠴᠠᠭᠠᠵᠤ᠂ 7675 ᠳᠡᠯᠭᠡᠭᠦᠷ ᠤᠨ ᠠᠵᠤ ᠠᠬᠤᠶᠢᠯᠠᠯ ᠢ ᠪᠠᠶᠢᠴᠠᠭᠠᠵᠤ᠂ 3683 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠤᠭᠤᠴᠢᠨ ᠪᠠᠶᠢᠴᠠᠭᠠᠵᠤ᠂ 62 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠦᠷᠢᠶ᠎ᠡ ᠴᠠᠷᠠᠭᠠᠨ ᠳᠠᠬᠢ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠬᠦᠴᠦᠲᠡᠢ ᠬᠠᠮᠠᠭᠠᠯᠠᠨ᠂ ᠮᠠᠯᠴᠢᠨ ᠲᠠᠷᠢᠶᠠᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃ 
图片2.png
       ᠣᠶᠢᠷ᠎ᠠ ᠳᠤ ᠂ ᠥᠪᠥᠷ ᠮᠣᠩᠭᠤᠯ ᠪᠠᠰᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠦᠢᠯᠡᠳᠭᠦᠨ ᠳᠤ ᠴᠣᠬᠢᠯᠲᠠ ᠥᠭᠬᠦ ᠠᠵᠢᠯ ᠤᠨ ᠭᠤᠣᠯᠳᠠᠯᠭ᠎ᠠ  ᠶᠢ ᠳᠠᠷᠤᠮᠯᠠᠨ ᠲᠠᠷᠬᠠᠭᠠᠵᠤ᠂ ᠲᠠᠷᠢᠶᠠᠯᠠᠬᠤ ᠬᠤᠭᠤᠴᠠᠭ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠵᠠᠬ᠎ᠠ ᠳᠡᠯᠭᠡᠭᠦᠷ ᠲᠤ ᠣᠷᠣᠭᠤᠯᠬᠤ ᠬᠤᠭᠤᠴᠠᠭ᠎ᠠ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠬᠤᠭᠤᠴᠠᠭ᠎ᠠ ᠵᠡᠷᠭᠡ ᠭᠤᠷᠪᠠᠨ ᠭᠤᠣᠯᠳᠠᠯᠭ᠎ᠠ  ᠲᠠᠢ ᠴᠠᠭ ᠬᠤᠭᠤᠴᠠᠭ᠎ᠠ ᠶᠢ ᠰᠠᠶᠢᠲᠤᠷ ᠠᠳᠬᠤᠵᠤ᠂ ᠦᠷ᠎ᠡ᠂ ᠲᠠᠷᠢᠶᠠᠨ ᠡᠮ᠂ ᠪᠣᠷᠳᠣᠭᠤᠷ᠂ ᠮᠠᠯ ᠤᠨ ᠡᠮ᠂ ᠲᠡᠵᠢᠭᠡᠯ ᠪᠣᠷᠳᠤᠭ᠎ᠠ ᠪᠣᠯᠣᠨ ᠲᠡᠵᠢᠭᠡᠯ ᠪᠣᠷᠳᠣᠭᠠᠨ ᠤ ᠨᠡᠮᠡᠯᠲᠡ ᠡᠳ᠋᠂ ᠲᠠᠷᠢᠶᠠᠯᠠᠩ ᠤᠨ ᠪᠦᠷᠬᠦᠪᠴᠢ᠂ ᠲᠠᠷᠢᠶᠠᠯᠠᠩ ᠤᠨ ᠮᠠᠰᠢᠨ ᠵᠡᠷᠭᠡ ᠳᠣᠯᠣᠭᠠᠨ ᠭᠤᠣᠯᠳᠠᠯᠭ᠎ᠠ  ᠲᠠᠢ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠯ ᠤᠨ ᠡᠬᠢ ᠡᠭᠦᠰᠦᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠲᠥᠪᠯᠡᠷᠡᠭᠦᠯᠦᠨ ᠲᠠᠷᠬᠠᠭᠠᠬᠤ ᠭᠠᠵᠠᠷ᠂ ᠬᠠᠷᠢᠶᠠᠲᠤ ᠣᠷᠣᠨ ᠤ ᠠᠭᠤᠯᠵᠠᠷ ᠤᠨ ᠠᠰᠠᠭᠤᠳᠠᠯ ᠣᠯᠠᠨ ᠡᠭᠦᠰᠬᠦ ᠭᠠᠵᠠᠷ᠂ ᠵᠠᠭᠠᠯᠳᠤᠵᠤ ᠢᠯᠡᠴᠢᠯᠡᠨ ᠮᠡᠳᠡᠭᠦᠯᠬᠦ ᠠᠰᠠᠭᠤᠳᠠᠯ ᠣᠯᠠᠨ ᠡᠭᠦᠰᠬᠦ ᠭᠠᠵᠠᠷ ᠂ ᠢᠨᠲ᠋ᠧᠷ ᠰᠦᠯᠵᠢᠶᠡᠨ ᠤ ᠡᠯᠧᠺᠲᠷᠣᠨ ᠬᠤᠳᠠᠯᠳᠤᠭᠠᠨ ᠤ ᠪᠣᠷᠤᠯᠠᠭᠤᠯᠭ᠎ᠠ ᠶᠢᠨ ᠲᠠᠪᠴᠠᠩ ᠵᠡᠷᠭᠡ ᠲᠠᠪᠤᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠲᠣᠪᠤᠶᠢᠯᠭᠠᠨ᠂ ᠪᠣᠶ ᠪᠦᠬᠦᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠪᠠ ᠡᠵᠡᠩᠨᠡᠯᠲᠡ ᠶᠢᠨ ᠳᠡᠯᠭᠡᠭᠦᠷ ᠲᠤ ᠲᠣᠣᠷ ᠲᠠᠲᠠᠬᠤ ᠮᠠᠶ᠋ᠢᠭ ᠤᠨ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠵᠦ᠂ ᠠᠰᠠᠭᠤᠳᠠᠯ ᠤᠨ ᠳᠠᠯᠳᠠ ᠬᠡᠮ ᠢ ᠭᠦᠨᠵᠡᠭᠡᠢ ᠪᠠᠶᠢᠴᠠᠭᠠᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ ᠡᠵᠡᠩᠨᠡᠯᠲᠡ ᠬᠡᠷᠡᠭᠯᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠᠷ ᠪᠤᠢ ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠯᠦᠭᠡ ᠪᠠᠶᠢᠴᠠᠭᠠᠬᠤ ᠪᠠ ᠴᠣᠬᠢᠯᠲᠠ ᠥᠭᠬᠦ ᠲᠠᠢ ᠬᠤᠯᠪᠤᠭᠠᠯᠠᠨ ᠬᠥᠳᠡᠯᠦᠯᠴᠡᠵᠦ᠂  ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠤᠣᠯ ᠬᠠᠭᠤᠷᠮᠠᠭ ᠦᠢᠯᠡᠳᠭᠦᠨ ᠳᠤ ᠴᠣᠬᠢᠯᠲᠠ ᠥᠭᠬᠦ ᠶᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠡᠮᠬᠢ ᠵᠢᠷᠤᠮ ᠲᠠᠢ ᠪᠦᠲᠦᠮᠵᠢᠲᠡᠶ ᠥᠷᠨᠢᠭᠦᠯᠵᠦ᠂ ᠡᠷᠬᠡ ᠲᠡᠭᠰᠢ ᠪᠠᠷ ᠥᠷᠢᠰᠦᠯᠳᠦᠬᠦ ᠂ ᠡᠮᠬᠢ ᠳᠢᠭᠯᠢᠮ ᠲᠠᠢ ᠲᠣᠭᠲᠠᠭᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠪᠣᠶ ᠪᠣᠯᠭᠠᠵᠤ᠂ ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠦᠢᠯᠡᠳᠪᠦᠷᠢᠯᠡᠯ ᠪᠠ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠨ᠎ᠠ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号