ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠢᠨ ᠰᠡᠷᠡᠮᠵᠢᠯᠡᠭᠦᠯᠦᠯ
ᠨᠡᠶᠢᠲᠡᠯᠡᠭᠰᠡᠨ ᠴᠠᠭ᠄
2023/3/19
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ 2023 ᠣᠨ ᠤ 3 ᠰᠠᠷ᠎ᠠ ᠶᠢᠨ 19 ᠤ ᠡᠳᠦᠷ ᠤᠨ 10 ᠴᠠᠭ 00 ᠮᠢᠨᠦ᠋ᠲ  ᠲᠤ ᠲᠦᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠢᠨ ᠰᠡᠷᠡᠮᠵᠢᠯᠡᠭᠦᠯᠦᠯ ᠢ ᠬᠠᠮᠲᠤᠷᠠᠨ ᠨᠡᠶᠢᠲᠡᠯᠡᠪᠡ᠄      ᠬᠦᠢᠲᠡᠨ ᠤᠷᠤᠰᠬᠠᠯ ᠤᠨ ᠨᠥᠯᠥᠭᠡ ᠪᠠᠷ᠂ 3 ᠰᠠᠷ᠎ᠠ ᠶᠢᠨ 20 ᠤ ᠡᠳᠦᠷ ᠠᠴᠠ 3 ᠰᠠᠷ᠎ᠠ ᠶᠢᠨ 23 ᠤ ᠡᠳᠦᠷ ᠪᠣᠯᠲᠠᠯ᠎ᠠ᠂ ᠪᠥᠬᠦ ᠣᠷᠣᠨ ᠤ ᠶᠡᠬᠡᠩᠬᠢ ᠭᠠᠵᠠᠷ ᠤᠷᠤᠨ ᠳᠤ 4 — 5 ᠲᠠᠰ ‍ᠤᠨ‌‍ᠰᠠᠯᠬᠢ ᠂ ᠣᠬᠤᠷ ᠴᠠᠭ ᠤᠨ 6 — 7 ᠲᠠᠰ ᠤᠨ ᠰᠠᠯᠬᠢ ᠪᠠᠷᠠᠭᠤᠨ ᠬᠤᠶᠢᠨ᠎ᠠ ᠠᠴᠠ ᠰᠠᠯᠬᠢᠯᠠᠵᠤ ᠂ ᠳᠤᠮᠳᠠ ᠪᠠᠷᠠᠭᠤᠨ ᠬᠡᠰᠡᠭ ᠤᠨ ᠪᠠᠷᠠᠭᠤᠨᠰᠢᠬᠢ ᠪᠠ ᠬᠤᠶᠢᠭᠤᠷᠬᠢ ᠬᠡᠰᠡᠭ ᠤᠨ ᠭᠠᠵᠠᠷ ᠣᠷᠣᠨ ᠳᠤ 7 — 8  ᠲᠠᠰ ᠲᠤ ᠬᠦᠷᠴᠦ᠂ ᠬᠡᠰᠡᠭ ᠭᠠᠵᠠᠷ ᠲᠤ 9 ᠲᠠᠰ ᠬᠦᠷᠦᠨ᠎ᠡ᠃ ᠣᠶᠤᠨᠲᠤ ᠰᠦᠯᠵᠢᠶᠡᠨ ᠤ ᠤᠷᠢᠳᠴᠢᠯᠠᠭᠰᠠᠨ ᠮᠡᠳᠡᠭᠡ ᠶᠢᠨ ᠲᠤᠭ᠎ᠠ ᠪᠠᠷᠢᠮᠲᠠ ᠶᠢ ᠦᠨᠳᠦᠰᠦᠯᠡᠨ᠂ ᠲᠦᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠭᠦᠢᠴᠡᠳᠬᠡᠯ ᠲᠤᠭ᠎ᠠ ᠲᠠᠢ ᠤᠶᠠᠯᠳᠤᠭᠤᠯᠤᠭᠠᠳ ᠂ 3 ᠰᠠᠷ᠎ᠠ ᠶᠢᠨ 21 ᠤ ᠡᠳᠦᠷ᠂ ᠪᠠᠷᠠᠭᠤᠨ ᠬᠡᠰᠡᠭ ᠤᠨ ᠵᠡᠭᠦᠨᠰᠢᠬᠢ ᠬᠡᠰᠡᠭ ᠭᠠᠵᠠᠷ ᠣᠷᠣᠨ᠂ ᠳᠤᠮᠳᠠ ᠬᠡᠰᠡᠭ ᠤᠨ ᠪᠠᠷᠠᠭᠤᠨ ᠡᠮᠦᠨᠡᠭᠦᠷᠬᠢ ᠬᠡᠰᠡᠭ᠂ ᠵᠡᠭᠦᠨ ᠬᠡᠰᠡᠭ ᠤᠨ ᠡᠮᠦᠨᠡᠭᠦᠷᠬᠢ ᠬᠡᠰᠡᠭ ᠤᠨ ᠭᠠᠵᠠᠷ ᠣᠷᠣᠨ ᠳᠤ ᠲᠦᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠠᠶᠤᠯ ᠲᠦᠭᠰᠢᠭᠦᠷᠢ ᠪᠠᠭ᠎ᠠ᠂ ᠡᠭᠦᠨ ᠳᠤ ᠪᠤᠭᠤᠲᠤ ᠬᠤᠲᠠ ᠶᠢᠨ ᠳᠤᠮᠳᠠ ᠬᠡᠰᠡᠭ ᠬᠢᠭᠡᠳ ᠤᠯᠠᠭᠠᠨᠴᠠᠪ ᠬᠤᠲᠠ ᠶᠢᠨ ᠳᠤᠮᠳᠠ ᠬᠡᠰᠡᠭ ᠤᠨ ᠬᠡᠰᠡᠭ ᠭᠠᠵᠠᠷ ᠣᠷᠣᠨ  ᠳᠤ ᠳᠤᠮᠳᠠ ᠵᠡᠷᠭᠡ ᠶᠢᠨ  ᠰᠠᠯᠬᠢᠨ ᠤ ᠭᠠᠮᠰᠢᠭ ᠤᠨ ᠠᠶᠤᠯ ᠲᠦᠭᠰᠢᠭᠦᠷᠢ  ᠲᠠᠢ ︔ 3 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠳᠤᠮᠳᠠ ᠬᠡᠰᠡᠭ ᠤᠨ ᠡᠮᠦᠨᠡᠭᠦᠷᠬᠢ ᠬᠡᠰᠡᠭ᠂ ᠵᠡᠭᠦᠨ ᠡᠮᠦᠨᠡᠲᠦ ᠬᠡᠰᠡᠭ ᠤᠨ ᠶᠡᠬᠡᠩᠬᠢ ᠬᠡᠰᠡᠭ᠂ ᠬᠥᠯᠥᠨ ᠪᠤᠶᠢᠷ ᠤᠨ ᠳᠤᠮᠳᠠ ᠬᠡᠰᠡᠭ  ᠲᠤ ᠲᠦᠬᠦᠭᠡᠷᠦᠮᠵᠢᠲᠦ ᠲᠠᠷᠢᠶᠠᠯᠠᠩ ᠤᠨ  ᠠᠶᠤᠯ ᠲᠦᠭᠰᠢᠭᠦᠷᠢ ᠪᠠᠭ᠎ᠠ  ᠪᠤᠶᠤ ᠳᠤᠮᠳᠠ ᠵᠡᠷᠭᠡ ᠶᠢᠨ ᠠᠶᠤᠯ ᠲᠦᠭᠰᠢᠭᠦᠷᠢ  ᠲᠠᠢ᠃ ᠡᠭᠦᠨ ᠳᠤ 22 ᠤᠨ ᠡᠳᠦᠷ᠂ ᠤᠯᠠᠭᠠᠨᠬᠠᠳᠠ ᠬᠤᠲᠠ ᠶᠢᠨ ᠳᠤᠮᠳᠠ ᠬᠤᠶᠢᠲᠤ ᠬᠡᠰᠡᠭ ᠬᠢᠭᠡᠳ ᠬᠢᠩᠭᠠᠨ ᠠᠶᠢᠮᠠᠭ ᠤᠨ ᠪᠠᠷᠠᠭᠤᠨ ᠬᠡᠰᠡᠭ ᠤᠨ ᠭᠠᠵᠠᠷ ᠣᠷᠣᠨ  ᠨᠢ ᠲᠦᠬᠦᠭᠡᠷᠦᠮᠵᠢᠲᠦ ᠲᠠᠷᠢᠶᠠᠯᠠᠩ ᠤᠨ ᠠᠶᠤᠯ ᠲᠦᠭᠰᠢᠭᠦᠷᠢ ᠶᠡᠭᠡ ᠭᠠᠵᠠᠷ ᠣᠷᠣᠨ ᠪᠠᠶᠢᠵᠤ᠂ ᠰᠠᠯᠬᠢᠨ ᠤ ᠭᠠᠮᠰᠢᠭ ᠲᠤ ᠬᠦᠯᠡᠮᠵᠢ ᠶᠢᠨ ᠪᠦᠲᠦᠴᠡ ᠠᠮᠠᠷᠬᠠᠨ ᠡᠪᠳᠡᠭᠳᠡᠬᠦ ᠪᠣᠯᠤᠮᠵᠢ ᠲᠠᠢ᠃      ᠰᠡᠷᠭᠡᠶᠢᠯᠡᠬᠦ ᠠᠷᠭ᠎ᠠ ᠪᠣᠳᠣᠯᠭ᠎ᠠ᠄ ᠲᠠᠷᠢᠶᠠᠨ ᠭᠠᠵᠠᠷ ᠤᠨ ᠲᠦᠬᠦᠭᠡᠷᠦᠮᠵᠢᠲᠦ ᠲᠠᠷᠢᠮᠠᠯ ᠤᠨ ᠦᠢᠯᠡᠳᠪᠦᠷᠢᠯᠡᠯ ᠤᠨ ᠰᠠᠯᠬᠢ ᠶᠢ ᠰᠡᠷᠭᠡᠶᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠰᠠᠷᠠᠪᠴᠢ ᠶᠢᠨ ᠪᠦᠷᠬᠦᠪᠴᠢ ᠶᠢ ᠪᠠᠶᠢᠴᠠᠭᠠᠵᠤ᠂ ᠳᠤᠯᠠᠭᠠᠨ ᠢ ᠬᠠᠳᠠᠭᠠᠯᠠᠬᠤ ᠬᠤᠴᠢᠯᠭ᠎ᠠ ︵ᠬᠥᠰᠢᠭᠡ︶ ᠶᠢ ᠴᠠᠭ ᠲᠤᠬᠠᠢ ᠳᠤ  ᠨᠢ ᠰᠡᠯᠪᠢᠨ ᠵᠠᠰᠠᠵᠤ᠂ ᠰᠠᠷᠠᠪᠴᠢ ᠶᠢᠨ ᠵᠢᠶᠠᠰᠠ ᠶᠢ ᠪᠥᠬᠦ ᠲᠠᠯ᠎ᠠ ᠪᠠᠷ ᠪᠠᠶᠢᠴᠠᠭᠠᠵᠤ᠂ ᠪᠦᠷᠬᠦᠭᠦᠯ ᠳᠠᠷᠤᠬᠤ ᠱᠤᠭᠤᠮ ᠢ ᠪᠠᠬᠢᠯᠡᠨ᠎ᠡ᠃  ᠵᠢᠪᠠᠷ ᠨᠡᠪᠳᠡᠷᠡᠬᠦᠯᠬᠦ ᠠᠮᠠᠰᠠᠷ ᠢ ᠤᠷᠢᠳᠴᠢᠯᠠᠨ ᠬᠠᠭᠠᠵᠤ ᠂ ᠬᠦᠯᠡᠮᠵᠢ ᠶᠢᠨ ᠡᠷᠬᠢᠨ ᠲᠣᠭᠤᠷᠢᠨ ᠤ ᠠᠮᠠᠷᠬᠠᠨ ᠳᠡᠭᠳᠡᠬᠦ ᠪᠣᠳᠠᠰ ᠢ ᠲᠣᠭᠲᠠᠪᠤᠷᠢᠵᠢᠭᠤᠯᠵᠤ ᠂ ᠬᠦᠯᠡᠮᠵᠢ ᠶᠢᠨ ᠪᠦᠷᠬᠦᠪᠴᠢ ᠡᠪᠳᠡᠭᠳᠡᠬᠦ ᠂ ᠬᠥᠯᠳᠡᠬᠦ ᠠᠴᠠ ᠰᠡᠷᠭᠡᠶᠢᠯᠡᠵᠦ ᠂ ᠶᠡᠭᠡ ᠰᠠᠯᠬᠢ ᠥᠩᠭᠡᠷᠡᠭᠰᠡᠨ ᠤ ᠲᠠᠷᠠᠭ᠎ᠠ ᠬᠦᠯᠡᠮᠵᠢ ᠶᠢᠨ ᠬᠤᠭ ᠲᠣᠭᠤᠰᠣ ᠶᠢ ᠴᠠᠭ ᠲᠤᠬᠠᠢ ᠳᠤ  ᠨᠢ ᠴᠡᠪᠡᠷᠯᠡᠵᠦ ᠂ ᠬᠦᠯᠡᠮᠵᠢ ᠶᠢᠨ ᠭᠡᠷᠡᠯ ᠨᠡᠪᠲᠡᠷᠡᠬᠦ ᠴᠢᠨᠠᠷ ᠢ ᠰᠠᠶᠢᠵᠢᠷᠠᠭᠤᠯᠬᠤ ᠶᠢ ᠰᠠᠨᠠᠭᠤᠯᠤᠶ᠎ᠠ ᠃ ᠬᠦᠯᠡᠮᠵᠢ ᠶᠢᠨ ᠳᠣᠲᠣᠷᠠᠬᠢ ᠲᠠᠷᠢᠮᠠᠯ ᠢ ᠬᠤᠷᠢᠶᠠᠬᠤ ᠶᠢᠨ ᠬᠠᠮᠲᠤ ᠰᠠᠯᠠᠭ᠎ᠠ ᠨᠠᠮᠠᠭ᠎ᠠ ᠶᠢ ᠨᠢ ᠲᠡᠭᠰᠢᠯᠡᠨ ᠳᠠᠷᠤᠬᠤ ᠶᠢ ᠪᠠᠭᠠᠰᠬᠠᠵᠤ ᠂ ᠬᠥᠯᠳᠡᠬᠦ ᠠᠶᠤᠯ ᠲᠠᠢ ᠪᠣᠯ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ ᠵᠣᠬᠢᠬᠤ ᠬᠡᠮᠵᠢᠶ᠎ᠡ ᠪᠠᠷ ᠰᠦᠷᠴᠢᠨ ᠣᠷᠣᠭᠤᠯᠵᠤ ᠂ ᠳᠣᠣᠷ᠎ᠠ ᠳᠤᠯᠠᠭᠠᠨ ᠶᠡᠭᠡ ᠰᠠᠯᠬᠢᠨ ᠤ ᠲᠥᠬᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ ᠠᠰᠢᠭ ᠦᠭᠡᠢ ᠨᠥᠯᠥᠭᠡ  ᠠᠴᠠ ᠵᠠᠶᠢᠯᠠᠰᠬᠢᠨ᠎ᠠ ᠃ ᠲᠡᠵᠢᠭᠡᠨ ᠦᠷᠡᠵᠢᠭᠦᠯᠬᠦ ᠡᠷᠦᠬᠡ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢ ᠭᠦᠢᠴᠡᠳ ᠪᠡᠯᠡᠳᠬᠡᠵᠦ ᠂ ᠣᠨᠴᠠᠭᠠᠢ ᠠᠭᠤᠷ ᠠᠮᠢᠰᠬᠤᠯ ᠠᠴᠠ ᠪᠣᠯᠤᠭᠰᠠᠨ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢᠨ ᠬᠠᠩᠭᠠᠯᠭ᠎ᠠ ᠳᠤᠲᠠᠭᠳᠠᠬᠤ ᠠᠴᠠ ᠰᠡᠷᠭᠡᠶᠢᠯᠡᠨ᠎ᠡ᠃
图片1.png
图片2.png
图片3.png
      ᠵᠢᠷᠤᠭ1    3 ᠰᠠᠷ᠎ᠠ ᠶᠢᠨ 21 ᠤ ᠡᠳᠦᠷ ᠠᠴᠠ 3 ᠰᠠᠷ᠎ᠠ ᠶᠢᠨ 23 ᠤ ᠡᠳᠦᠷ ᠤᠨ ᠥᠪᠥᠷ ᠮᠣᠩᠭᠤᠯ ᠤᠨ ᠲᠥᠬᠦᠭᠡᠷᠦᠮᠵᠢᠲᠦ ᠲᠠᠷᠢᠶᠠᠯᠠᠩ ᠤᠨ ᠶᠡᠭᠡ ᠰᠠᠯᠬᠢᠨ ᠤ ᠭᠠᠢ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠣᠷᠣᠨ ᠪᠦᠰᠡ ᠶᠢᠨ ᠵᠢᠷᠤᠭ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号