2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠨᠡᠷᠡᠰ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/3/2
      2022 ᠣᠨ ᠤ 10 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽2023 ᠣᠨ ᠤ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ 2023 ᠣᠨ ᠤ 1 ᠰᠠᠷ᠎ᠠ ᠶᠢᠨ 10 ᠤ ᠡᠳᠦᠷ ᠪᠣᠯᠲᠠᠯ᠎ᠠ᠂ ᠨᠡᠶᠢᠲᠡ 19 ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨ ᠮᠡᠳᠡᠭᠦᠯᠦᠯᠲᠡ ᠶᠢᠨ ᠪᠢᠴᠢᠭ ᠢᠶᠠᠨ ᠮᠡᠳᠡᠭᠦᠯᠦᠨ ᠬᠦᠷᠭᠡᠭᠰᠡᠨ ᠪᠠᠶᠢᠨ᠎ᠠ᠃ ᠠᠶᠢᠮᠠᠭ ᠬᠤᠲᠠ ᠶᠢᠨ ᠪᠠᠲᠤᠯᠠᠨ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠬᠠᠷᠭᠤᠭᠤᠯᠬᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠪᠠ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨᠠᠨ ᠲᠣᠭᠲᠠᠭᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠡᠳᠦᠭᠡ 2023 ᠣᠨ ᠤ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ  ᠡᠭᠦᠳᠦᠨ ᠪᠠᠶᠢᠭᠤᠯᠬᠤ ᠶᠢ ᠵᠥᠪᠰᠢᠶᠡᠷᠡᠬᠦ ᠪᠠᠷ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠡᠷᠡᠰ ᠢ ᠢᠯᠡ ᠨᠡᠶᠢᠲᠡᠯᠡᠪᠡ᠃ ᠢᠯᠡ ᠨᠡᠶᠢᠲᠡᠯᠡᠬᠦ ᠬᠤᠭᠤᠴᠠᠭ᠎ᠠ ᠨᠢ 2023 ᠣᠨ ᠤ 3 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 7 ᠤ ᠡᠳᠦᠷ ᠪᠣᠯᠲᠠᠯ᠎ᠠ ᠃ ᠲᠣᠰ ᠬᠤᠭᠤᠴᠠᠭᠠᠨ ᠳᠤ ᠬᠡᠷᠪᠡ ᠣᠨᠳᠣᠣ ᠰᠠᠨᠠᠯ ᠲᠠᠢ ᠪᠣᠯ᠂ ᠦᠨᠡᠨ ᠨᠡᠷ᠎ᠡ ᠪᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠳᠤᠰᠬᠠᠭᠠᠷᠠᠢ᠂ ᠪᠠᠶᠢᠳᠠᠯ ᠢᠶᠠᠨ ᠲᠤᠰᠬᠠᠬᠤ ᠳᠤ ᠪᠠᠨ ᠦᠨᠡᠨ ᠠᠴᠠ ᠵᠥᠪ ᠢ ᠡᠷᠢᠬᠦ ᠶᠢᠨ ᠬᠠᠮᠲᠤ ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠃      ᠬᠠᠷᠢᠯᠴᠠᠬᠤ ᠠᠷᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠦᠭᠵᠢᠭᠦᠯᠦᠯᠲᠡ ᠲᠦᠯᠦᠪᠵᠢᠭᠦᠯᠭᠡ ᠶᠢᠨ ᠭᠠᠵᠠᠷ      ᠵᠧᠦ ᠬᠤᠩ ᠡᠾᠦ᠋ᠢ 0471-6651903      ᠳᠠᠭᠠᠯᠳᠤᠭᠤᠯᠤᠯ ᠄ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠨᠡᠷᠡᠰ               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ               ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ                            2023 ᠣᠨ ᠤ 3 ᠰᠠᠷ᠎ᠠ ᠶᠢᠨ 1 ᠤ ᠡᠳᠦᠷ      ᠳᠠᠭᠠᠯᠳᠤᠭᠤᠯᠤᠯ      2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠨᠡᠷᠡᠰ      1. ᠬᠠᠩᠭᠢᠨ ᠬᠤᠶᠢᠲᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ      2. ᠬᠠᠷᠠᠴᠢᠨ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ      3. ᠦᠴᠦᠸᠠᠨ ᠰᠢᠶᠠᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ      4. ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ      5. ᠲᠦᠮᠡᠳ ᠪᠠᠷᠠᠭᠤᠨ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ      6. ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ      7. ᠠᠯᠠᠱᠠ ᠵᠡᠭᠦᠨ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号