ᠮᠠᠨ ᠤ ᠣᠷᠣᠨ ᠤ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠦᠯᠡᠮᠵᠢ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2023/3/2
      ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ 2022 ᠣᠨ ᠳᠤ ᠥᠪᠡᠷᠲᠡᠭᠡᠨ ᠵᠠᠰᠠᠬᠤ ᠣᠷᠣᠨ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠡᠪᠡᠰᠦᠨ ᠦᠷ᠎ᠡ᠂ ᠰᠠᠭᠠᠯᠢ ᠶᠢᠨ ᠦᠨᠢᠶ᠎ᠡ᠂ ᠮᠢᠬᠠᠨ ᠤ ᠦᠬᠡᠷ᠂ ᠮᠢᠬᠠᠨ ᠤ ᠬᠤᠨᠢ᠂ ᠲᠥᠮᠥᠰᠥ ᠵᠡᠷᠭᠡ 5 ᠳᠠᠪᠠᠭᠤᠯᠢᠭ ᠠᠵᠤ ᠦᠢᠯᠡᠰ ᠵᠢᠴᠢ ᠡᠯᠳᠡᠪ ᠠᠮᠤ᠂ ᠢᠳᠡᠰᠢᠨ ᠨᠣᠭᠤᠭ᠎ᠠ᠂ ᠨᠡᠷᠡᠨ ᠬᠤᠸᠠᠷ᠂ ᠰᠢᠬᠢᠷ ᠯᠤᠤᠪᠠᠩ ᠵᠡᠷᠭᠡ ᠤᠯᠠᠨ ᠠᠵᠤ ᠦᠢᠯᠡᠰ ᠤᠨ ᠰᠢᠨ᠎ᠡ ᠶᠢ ᠡᠭᠦᠳᠬᠦ ᠬᠡᠯᠬᠢᠶ᠎ᠡ ᠶᠢᠨ ᠪᠠᠶᠢᠷᠢᠯᠠᠭᠤᠯᠤᠯᠲᠠ ᠶᠢ ᠠᠬᠢᠭᠤᠯᠵᠤ᠂ ︽ᠲᠤᠩᠬᠠᠭ ᠨᠠᠶᠢᠳᠠᠨ ᠰᠡᠳᠦᠪ ᠲᠠᠭᠠᠭᠠᠴᠢᠯᠠᠭᠤᠯᠬᠤ ᠲᠦᠷᠢᠮ︾᠂ ︽ᠮᠣᠷᠢ ᠤᠷᠤᠯᠳᠤᠬᠤ ᠳᠦᠷᠢᠮ︾ ᠵᠡᠷᠭᠡ ᠰᠢᠨ᠎ᠡ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠯᠪᠡᠷᠢ ᠶᠢ ᠬᠡᠷᠡᠭᠯᠡᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠣᠷᠣᠨ ᠤ ᠲᠤᠳᠤᠨ᠎ᠠ ᠭᠠᠳᠠᠨᠠᠬᠢ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠨ ᠪᠣᠭᠤᠮᠲᠠ ᠰᠢᠪᠲᠤᠯᠬᠤ ᠶᠢ ᠠᠬᠢᠭᠤᠯᠵᠤ ᠢᠯᠡᠳᠲᠡ ᠦᠷ᠎ᠡ ᠪᠦᠲᠦᠮᠵᠢ ᠤᠯᠤᠭᠰᠠᠨ ᠪᠠᠶᠢᠨ᠎ᠠ ᠃      ᠲᠠᠨᠢᠯᠴᠠᠭᠤᠯᠤᠭᠰᠠᠨ ᠢᠶᠠᠷ᠂ ᠲᠦᠷᠦᠭᠦᠦ ᠪᠦᠯᠦᠭ ᠨᠡᠶᠢᠲᠡᠯᠡᠭᠰᠡᠨ 12 ᠵᠦᠢᠯ ᠤᠨ ᠦᠷ᠎ᠡ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠵᠡᠷᠯᠠᠯ ᠳᠤ ᠣᠷᠣᠨ ᠤ ᠲᠤᠳᠤᠨ᠎ᠠ ᠭᠠᠳᠠᠨᠠᠬᠢ 44 ᠠᠵᠤ ᠠᠬᠤᠶᠢᠯᠠᠯ ᠂ 28 ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ 16 ᠶᠡᠭᠡ ᠳᠡᠭᠡᠳᠦ ᠰᠤᠷᠭᠠᠭᠤᠯᠢ ᠶᠢ ᠲᠠᠲᠠᠵᠤ᠂ 19 ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠤᠨ ᠡᠭᠦᠷᠭᠡ ᠲᠠᠭᠠᠭᠠᠴᠢᠯᠠᠭᠤᠯᠤᠭᠰᠠᠨ ᠪᠠᠶᠢᠨ᠎ᠠ ᠃ ᠨᠢᠭᠡ ᠵᠢᠯ ᠤᠨ ᠬᠤᠭᠤᠴᠠᠭ᠎ᠠ ᠶᠢ ᠳᠠᠮᠵᠢᠨ᠂ ᠦᠷ᠎ᠡ ᠶᠢᠨ ᠦᠢᠯᠡᠰ ᠤᠨ ︽ᠲᠤᠩᠬᠠᠭ ᠨᠡᠶᠢᠲᠡᠯᠡᠨ ᠰᠡᠳᠦᠪ ᠲᠠᠭᠠᠭᠠᠴᠢᠯᠠᠭᠤᠯᠬᠤ︾ ᠲᠦᠷᠦᠯ ᠵᠦᠢᠯ ᠨᠢᠭᠡᠨᠲᠡ ᠱᠠᠲᠤᠴᠢ ᠴᠢᠨᠠᠷᠲᠠᠢ ᠠᠬᠢᠴᠠ ᠲᠠᠢ ᠪᠤᠯᠵᠤ᠂ 2022 ᠣᠨ ᠳᠤ ᠡᠯ᠎ᠡ ᠲᠥᠷᠥᠯ ᠤᠨ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ᠢ ᠨᠡᠶᠢᠲᠡ 2200 ᠬᠤᠪᠢ ᠣᠷᠣᠭᠤᠯᠤᠨ ᠠᠪᠴᠢᠷᠠᠵᠤ᠂ 2500 ᠭᠠᠷᠤᠶ ᠬᠤᠪᠢ ᠬᠢᠨᠠᠨ ᠲᠣᠭᠲᠠᠭᠠᠵᠤ ᠂ ᠬᠦᠢᠲᠡᠨ ᠳᠤ ᠲᠡᠰᠪᠦᠷᠢᠲᠡᠢ᠂ ᠥᠨᠳᠥᠷ ᠤᠨᠠᠯᠲᠠ ᠲᠠᠢ᠂ ᠴᠢᠨᠠᠷ ᠰᠠᠶᠢᠲᠠᠢ ᠮᠠᠯ ᠪᠠ ᠲᠠᠷᠢᠮᠠᠯ ᠤᠨ ᠵᠦᠢᠯᠡᠰ ᠤᠨ ᠭᠧᠨ ᠢ 60 ᠭᠠᠷᠤᠶ ᠬᠤᠪᠢ ᠺᠯᠦ᠋ᠨᠴᠢᠯᠡᠵᠦ ᠂ ᠲᠡᠵᠢᠭᠡᠯ ᠡᠪᠡᠰᠦ᠂ ᠲᠠᠷᠢᠮᠠᠯ ᠤᠨ 7 ᠰᠢᠨ᠎ᠡ ᠡᠭᠦᠯᠳᠡᠷ ᠢ ᠬᠢᠨᠠᠨ ᠲᠣᠭᠲᠠᠭᠠᠨ ᠳᠠᠩᠰᠠᠯᠠᠭᠤᠯᠵᠤ᠂ ᠮᠢᠬᠠᠨ ᠤ ᠬᠤᠨᠢ᠂ ᠮᠢᠬᠠᠨ ᠤ ᠦᠬᠡᠷ ᠤᠨ ᠤᠯᠠᠨ ᠰᠢᠨ᠎ᠡ ᠡᠭᠦᠯᠳᠡᠷ ᠢ ᠪᠣᠶᠢᠵᠢᠭᠤᠯᠪᠠ ᠃ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠭᠰᠡᠨ ᠨᠢ ᠪᠠᠰᠠ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠨᠢᠭᠡ ᠪᠦᠯᠦᠭ ᠥᠨᠳᠥᠷ ᠲᠦᠪᠰᠢᠨ ᠪᠥᠬᠦᠶ ᠰᠢᠨ᠎ᠡ ᠶᠢ ᠡᠭᠦᠳᠬᠦ ᠲᠠᠪᠴᠠᠩ ᠰᠠᠭᠤᠷᠢᠨ ᠤ ᠪᠥᠲᠥᠭᠡᠨ ᠪᠠᠶᠢᠭᠤᠯᠤᠯᠲᠠ ᠪᠠ ᠬᠦᠭᠵᠢᠯᠲᠡ ᠶᠢ ᠪᠦᠲᠦᠮᠵᠢᠲᠡᠢ ᠠᠬᠢᠭᠤᠯᠤᠭᠰᠠᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号