ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ ᠨᠠᠷᠢᠨ ᠪᠢᠴᠢᠭ ᠤᠨ ᠭᠠᠵᠠᠷ ᠤᠨ ᠳᠠᠷᠤᠭ᠎ᠠ ᠵᠣᠣ ᠶᠦᠩ ᠰᠢᠶᠠᠩ ᠨᠦᠬᠦᠷ ᠵᠠᠷᠤᠳ ᠬᠤᠰᠢᠭᠤᠨ ᠤ ᠮᠠᠯᠴᠢᠨ ᠠᠶᠢᠯ ᠤᠨ ᠦᠬᠡᠷ ᠲᠡᠵᠢᠭᠡᠬᠦ ᠲᠤᠰᠬᠠᠢ ᠬᠤᠷᠰᠢᠶ᠎ᠠ ᠳᠤ ᠬᠦᠷᠴᠦ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2023/3/20
      3 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ ᠨᠠᠷᠢᠨ ᠪᠢᠴᠢᠭ ᠤᠨ ᠭᠠᠵᠠᠷ ᠤᠨ ᠳᠠᠷᠤᠭ᠎ᠠ ᠵᠣᠣ ᠶᠦᠩ ᠰᠢᠶᠠᠩ ᠨᠥᠬᠦᠷ ᠪᠦᠯᠬᠦᠮ ᠳᠠᠭᠠᠭᠤᠯᠤᠨ ᠵᠠᠷᠤᠳ ᠬᠤᠰᠢᠭᠤᠨ ᠤ ᠮᠠᠯᠴᠢᠨ ᠠᠢᠯ ᠤᠨ ᠦᠬᠡᠷ ᠲᠡᠵᠢᠭᠡᠬᠦ ᠲᠤᠰᠬᠠᠢ ᠬᠤᠷᠰᠢᠶ᠎ᠠ ᠳᠤ ᠬᠦᠷᠴᠦ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ᠃ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠸᠠᠩ ᠶᠤᠸᠠᠢ ᠶᠢᠩ ᠨᠥᠬᠦᠷ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠺᠠᠳ᠋ᠷᠴᠤᠳ  ᠲᠠᠢ ᠬᠠᠮᠲᠤ᠂ ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳᠣᠷᠵᠢ ᠨᠥᠬᠦᠷ ᠵᠢᠴᠢ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠦᠢᠯᠡᠴᠢᠯᠡᠭᠡᠨ ᠤ ᠲᠥᠪ ᠪᠠᠷ᠎ᠠ ᠪᠣᠯᠵᠤ ᠲᠣᠭᠤᠷᠢᠨ ᠦᠵᠡᠵᠦ᠂ ᠶᠠᠷᠢᠯᠴᠠᠬᠤ ᠬᠤᠷᠠᠯ ᠬᠢᠪᠡ᠃      ᠮᠠᠯᠴᠢᠨ ᠠᠶᠢᠯ ᠤᠨ ᠦᠬᠡᠷ ᠲᠡᠵᠢᠭᠡᠬᠦ ᠲᠤᠰᠬᠠᠢ ᠬᠤᠷᠰᠢᠶ᠎ᠠ ᠳᠤ ᠬᠦᠷᠴᠦ᠂ ᠵᠡᠭᠦᠨ ᠰᠠᠯᠠᠭ᠎ᠠ ᠭᠠᠴᠠᠭ᠎ᠠ ᠶᠢᠨ ᠨᠠᠮ ᠤᠨ ᠡᠭᠦᠷ ᠤᠨ ᠱᠦᠵᠢ ᠦ᠋ ᠶᠦᠨ ᠪᠥᠸᠧ ᠨᠥᠬᠦᠷ ᠰᠢᠨᠵᠢᠯᠡᠨ ᠪᠠᠶᠢᠴᠠᠭᠠᠬᠤ ᠳᠤᠭᠤᠶᠢᠯᠠᠩ ᠳᠤ ᠬᠤᠷᠰᠢᠶ᠎ᠠ ᠶᠢᠨ ᠬᠥᠭᠵᠢᠯᠲᠡ ᠶᠢᠨ ᠶᠠᠪᠤᠴᠠ ᠂ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠡᠭᠦᠯᠳᠡᠷᠵᠢᠭᠰᠡᠨ ᠪᠠᠶᠢᠳᠠᠯ ᠪᠣᠯᠣᠨ ᠢᠷᠡᠭᠡᠳᠦᠢ ᠶᠢᠨ ᠲᠥᠯᠦᠪᠵᠢᠭᠦᠯᠭᠡ ᠶᠢ ᠨᠠᠷᠢᠨ ᠲᠠᠨᠢᠯᠴᠠᠭᠤᠯᠵᠠᠢ ᠃ ᠶᠠᠷᠢᠯᠴᠠᠬᠤ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ ᠨᠠᠷᠢᠨ ᠪᠢᠴᠢᠭ ᠤᠨ ᠭᠠᠵᠠᠷ ᠤᠨ ᠳᠠᠷᠤᠭ᠎ᠠ ᠵᠣᠣ ᠶᠦᠩ ᠰᠢᠶᠠᠩ ᠨᠥᠬᠦᠷ ᠬᠤᠷᠰᠢᠶ᠎ᠠ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠬᠦ᠂ ᠲᠣᠰᠬᠤᠨ ᠤ ᠠᠷᠠᠳ ᠢ ᠪᠦᠯᠬᠦᠮᠳᠡᠭᠦᠯᠦᠨ ᠳᠠᠶᠢᠴᠢᠯᠠᠵᠤ ᠪᠠᠶᠠᠵᠢᠭᠤᠯᠬᠤ ᠶᠢ ᠳᠡᠭᠡᠳᠦ ᠬᠡᠮᠵᠢᠶ᠎ᠡ ᠪᠠᠷ ᠵᠥᠪᠰᠢᠶᠡᠷᠡᠵᠦ ᠪᠠᠶᠢᠬᠤ ᠪᠠᠨ ᠢᠯᠡᠳᠬᠡᠭᠰᠡᠨ ᠪᠥᠭᠡᠳ ᠬᠤᠷᠰᠢᠶ᠎ᠠ ᠶᠢᠨ ᠣᠳᠣᠬᠠᠨ ᠤ ᠪᠣᠳᠠᠲᠠᠢ ᠪᠠᠶᠢᠳᠠᠯ ᠳᠤ ᠴᠢᠭᠯᠡᠭᠦᠯᠦᠨ ᠮᠠᠰᠢ ᠣᠯᠠᠨ ᠪᠦᠲᠦᠭᠡᠯᠴᠢ ᠴᠢᠨᠠᠷᠲᠠᠢ ᠵᠢᠯᠤᠭᠤᠳᠬᠤ ᠰᠠᠨᠠᠯ ᠳᠤᠷᠠᠳᠤᠭᠰᠠᠨ ᠪᠠᠶᠢᠨ᠎ᠠ᠃
图片7.jpg
图片8.jpg 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号