ᠠᠵᠢᠯᠰᠠᠭ ᠬᠥᠮᠥᠨ ᠤ ᠬᠠᠪᠤᠷ ᠤᠨ ᠠᠭᠤᠷ ᠡᠷᠲᠡ᠂ ᠠᠷᠪᠢᠨ ᠬᠥᠳᠡᠯᠮᠦᠷᠢ ᠶᠢᠨ ᠨᠠᠮᠤᠷ ᠤᠨ ᠬᠤᠷᠢᠶᠠᠯᠲᠠ | ᠡᠯᠪᠡᠭ᠃ ᠬᠥᠬᠡᠬᠤᠲᠠ ᠪᠦᠬᠦ ᠵᠢᠯ ᠤᠨ ᠡᠳ᠋ ᠤᠨ ᠵᠠᠰᠠᠭ ᠢᠶᠠᠷ ᠲᠠᠷᠢᠶᠠᠯᠠᠩ ᠢ ᠳᠡᠮᠵᠢᠬᠦ ᠠᠵᠢᠯ ᠢᠶᠠᠨ ᠡᠷᠲᠡ ᠠᠴᠠ | ᠲᠥᠯᠥᠪᠯᠡᠵᠦ᠂ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ᠂ ᠪᠣᠳᠠᠲᠠᠢ ᠪᠥᠭᠡᠳ ᠨᠠᠷᠢᠯᠢᠭ | ᠠᠳᠬᠤᠵᠤ᠂ ᠪᠦᠬᠦ ᠬᠦᠴᠦᠨ ᠢᠶᠠᠷ ᠢᠶᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠲᠤᠯᠠᠭ᠎ᠠ | ᠬᠠᠩᠭᠠᠵᠤ ᠪᠠᠶᠢᠨ᠎ᠠ᠃ | ᠣᠳᠣ ᠪᠣᠯᠲᠠᠯ᠎ᠠ᠂ ᠬᠥᠬᠡᠬᠤᠲᠠ ᠨᠢᠭᠡᠨᠲᠡ ᠡᠳ᠋ ᠤᠨ ᠵᠠᠰᠠᠭ ᠢᠶᠠᠷ ᠲᠠᠷᠢᠶᠠᠯᠠᠩ ᠢ ᠳᠡᠮᠵᠢᠬᠦ ᠪᠡᠯᠡ ᠮᠥᠩᠭᠦ ᠶᠢ | 7.4 ᠳ᠋ᠦᠩᠰᠢᠭᠤᠷ ᠲᠥᠭᠦᠷᠢᠭ ᠬᠤᠪᠢᠶᠠᠷᠢᠯᠠᠨ ᠪᠠᠭᠤᠯᠭᠠᠵᠤ᠂ ᠪᠡᠯᠡ ᠮᠥᠩᠭᠦ ᠶᠢ ᠬᠤᠪᠢᠶᠠᠷᠢᠯᠠᠨ ᠪᠠᠭᠤᠯᠭᠠᠭᠰᠠᠨ | ᠨᠤᠷᠮ᠎ᠠ ᠨᠢ 94.87% ᠳᠤ ᠬᠦᠷᠴᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ᠂ ᠲᠠᠷᠢᠶᠠᠨ | ᠭᠠᠵᠠᠷ ᠤᠨ ᠬᠠᠮᠠᠭᠠᠯᠠᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠡᠷᠡᠭᠯᠡᠵᠦ᠂ ᠠᠮᠤ ᠪᠤᠳᠠᠭᠠᠨ ᠤ | ᠦᠢᠯᠡᠳᠪᠦᠷᠢᠯᠡᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠶᠢ ᠳᠡᠮᠵᠢᠵᠦ᠂ ᠲᠠᠷᠢᠶᠠᠯᠠᠭ᠎ᠠ ᠬᠢᠬᠦ ᠠᠵᠢᠯ ᠢᠶᠠᠨ ᠡᠷᠲᠡᠬᠡᠨ | ᠡᠬᠢᠯᠡᠭᠦᠯᠪᠡ᠃ | ᠡᠭᠦᠨ ᠤ ᠬᠠᠮᠲᠤ᠂ ᠬᠥᠬᠡᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ | ᠰᠠᠨᠠᠭᠠᠴᠢᠯᠠᠭ᠎ᠠ ᠠᠴᠠ ᠪᠠᠨ ᠡᠭᠦᠷᠭᠡ ᠲᠤᠰᠢᠶᠠᠯ ᠢᠶᠠᠨ ᠢᠳᠡᠪᠬᠢᠲᠡᠢ ᠭᠦᠢᠴᠡᠳᠬᠡᠵᠦ᠂ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ ᠢ ᠤᠷᠢᠳ ᠢᠶᠠᠷ ᠪᠠᠲᠤᠯᠠᠬᠤ ᠪᠠᠶᠢᠷᠢᠨ ᠳᠤ ᠲᠠᠯᠪᠢᠵᠠᠢ᠃ ᠬᠤᠰᠢᠭᠤ᠂ ᠰᠢᠶᠠᠨ᠂ ᠲᠣᠭᠤᠷᠢᠭ ᠤᠨ | ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠵᠠᠳᠠᠯᠤᠨ ᠮᠠᠭᠠᠳᠯᠠᠬᠤ ᠪᠠᠷ ᠳᠡᠮᠵᠢᠨ᠂ | ᠪᠡᠯᠡ ᠮᠥᠩᠭᠦ ᠶᠢ ᠬᠢᠨᠠᠨ ᠡᠵᠡᠮᠳᠡᠬᠦ ᠶᠢ ᠰᠠᠶᠢᠲᠤᠷ ᠬᠢᠵᠦ᠂ ᠪᠡᠯᠡ ᠮᠥᠩᠭᠦ ᠶᠢ ᠪᠥᠬᠦ ᠬᠦᠴᠦᠨ ᠢᠶᠠᠷ ᠢᠶᠠᠨ ᠨᠢᠭᠡᠳᠦᠯᠲᠡᠢ | ᠲᠥᠯᠥᠪᠯᠡᠨ ᠲᠣᠬᠢᠷᠠᠭᠤᠯᠵᠤ᠂ ᠬᠥᠮᠥᠷᠭᠡ ᠳᠠᠬᠢ ᠪᠡᠯᠡ ᠮᠥᠩᠭᠦ ᠶᠢᠨ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠂ | ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠯᠠᠪᠳᠠᠭᠤᠨ ᠪᠣᠳᠠᠲᠠᠢ ᠰᠠᠬᠢᠵᠤ᠂ ᠬᠥᠮᠥᠷᠭᠡ ᠳᠠᠬᠢ ᠪᠡᠯᠡ | ᠮᠥᠩᠭᠦ ᠠᠴᠠ ᠴᠠᠭ ᠲᠤᠬᠠᠢ ᠳᠤ ᠨᠢ ᠳ᠋ᠦᠩᠰᠢᠭᠤᠷ ᠰᠢᠬᠠᠮ ᠲᠥᠭᠦᠷᠢᠭ ᠰᠢᠯᠵᠢᠭᠦᠯᠦᠨ ᠲᠣᠬᠢᠷᠠᠭᠤᠯᠪᠠ᠃ ᠡᠭᠦᠨ ᠤ | ᠬᠠᠮᠲᠤ᠂ ᠬᠤᠰᠢᠭᠤ᠂ ᠰᠢᠶᠠᠨ᠂ ᠲᠣᠭᠤᠷᠢᠭ ᠢ ᠰᠢᠮᠳᠠᠭᠤᠯᠵᠤ ᠪᠠᠶᠢᠭᠠᠳ ᠬᠥᠮᠥᠷᠭᠡ ᠳᠠᠬᠢ ᠪᠡᠯᠡ ᠮᠥᠩᠭᠦ ᠶᠢ ᠵᠦᠢ | ᠵᠣᠬᠢᠰᠲᠠᠢ ᠲᠣᠬᠢᠷᠠᠭᠤᠯᠤᠨ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠡᠷᠭᠡ ᠲᠠᠷᠢᠶᠠᠴᠢᠨ | ᠮᠠᠯᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠣᠯᠭᠤᠬᠤ ᠲᠥᠯᠥᠪᠯᠡᠭᠡ ᠶᠢ ᠰᠠᠶᠢᠲᠤᠷ ᠬᠢᠵᠦ | ᠪᠠᠶᠢᠨ᠎ᠠ᠃ | ᠡᠭᠦᠨ ᠠᠴᠠ ᠭᠠᠳᠠᠨ᠎ᠠ᠂ ᠬᠥᠬᠡᠬᠤᠲᠠ ᠶᠢᠨ ᠬᠢᠨ ᠮᠠᠯᠴᠢᠨ ᠲᠠᠷᠢᠶᠠᠴᠢᠨ ᠤ ᠲᠣᠰ ᠪᠡᠶ᠎ᠡ ᠶᠢᠨ ᠠᠰᠢᠭ | ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠪᠡᠯᠡ ᠮᠥᠩᠭᠦ ᠶᠢ ᠦᠷᠭᠦᠯᠵᠢᠯᠡᠨ ᠮᠥᠷᠳᠡᠨ ᠬᠠᠮᠢᠶᠠᠷᠬᠤ᠂ ᠬᠢᠨᠠᠨ | ᠡᠵᠡᠮᠳᠡᠬᠦ ᠪᠠ ᠲᠣᠬᠢᠷᠠᠭᠤᠯᠵᠤ᠂ ᠬᠢᠨᠠᠨ ᠵᠢᠯᠤᠭᠤᠳᠴᠤ ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠪᠠᠶᠢᠨ᠎ᠠ᠃ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠪᠠᠲᠤᠯᠠᠭ᠎ᠠ᠂ ᠠᠮᠤ ᠪᠤᠳᠠᠭᠠᠨ ᠤ ᠠᠮᠤᠷ ᠲᠦᠪᠰᠢᠨ᠂ | ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠵᠡᠷᠭᠡ ᠭᠤᠣᠯᠳᠠᠯᠭ᠎ᠠ ᠲᠠᠢ ᠪᠡᠯᠡ ᠮᠥᠩᠭᠦ ᠶᠢ ᠬᠡᠷᠡᠭᠵᠢᠭᠦᠯᠦᠭᠰᠡᠨ | ᠪᠠᠶᠢᠳᠠᠯ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠪᠡᠯᠡ ᠮᠥᠩᠭᠦ ᠶᠢᠨ ᠦᠷ᠎ᠡ | ᠪᠦᠲᠦᠮᠵᠢ ᠶᠢᠨ ᠬᠠᠷᠠᠯᠲᠠ ᠶᠢ ᠪᠡᠶᠡᠯᠡᠭᠦᠯᠬᠦ ᠪᠠ ᠲᠥᠰᠥᠪ ᠢ ᠭᠦᠢᠴᠡᠳᠬᠡᠬᠦ ᠠᠬᠢᠴᠠ ᠳᠤ ︽ᠬᠤᠣᠰ ᠬᠢᠨᠠᠨ ᠡᠵᠡᠮᠳᠡᠯ︾ | ᠢ ᠬᠡᠷᠡᠭᠵᠢᠭᠦᠯᠵᠦ᠂ ᠪᠡᠯᠡ ᠮᠥᠩᠭᠦ ᠶᠢᠨ ᠦᠷ᠎ᠡ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠯᠦᠭᠡ | ᠬᠤᠯᠪᠣᠭᠳᠠᠭᠤᠯᠤᠭᠰᠠᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠬᠥᠳᠡᠯᠦᠩᠭᠦᠢ ᠪᠠᠷ ᠲᠣᠬᠢᠷᠠᠭᠤᠯᠬᠤ | ᠲᠣᠭᠲᠠᠴᠠ ᠶᠢ ᠪᠠᠶᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠪᠠ ᠦᠷ᠎ᠡ | ᠪᠦᠲᠦᠮᠵᠢ ᠶᠢ ᠳᠡᠭᠡᠭᠰᠢᠯᠡᠭᠦᠯᠵᠦ ᠪᠠᠶᠢᠨ᠎ᠠ᠃ | |