ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠳᠤ ᠡᠭᠦᠯᠳᠡᠷ ᠣᠷᠣᠭᠤᠯᠬᠤ ᠶᠢ ᠳᠠᠩᠰᠠᠯᠠᠭᠰᠠᠨ ᠠᠩᠬᠠᠨ ᠤ ᠬᠢᠨᠠᠯᠲᠠ ᠶᠢᠨ ᠦᠷ᠎ᠡ ᠳ᠋ᠦᠩ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/3/21
      ︽ᠦᠷ᠎ᠡ ᠶᠢᠨ ᠬᠠᠤᠯᠢ︾᠂ ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ︵ᠬᠥᠳᠡᠭᠡ ᠲᠤᠰᠬᠤᠨ ᠤ ᠶᠠᠮᠤᠨ ᠤ ᠵᠠᠷᠯᠢᠭ 2016 ᠣᠨ ᠤ 4 ᠳ᠋ᠤᠭᠡᠷ ᠲᠣᠭᠠᠲᠤ︶ ᠪᠣᠯᠣᠨ ︽ᠤᠯᠤᠰ   ᠠᠴᠠ ᠡᠭᠦᠯᠳᠡᠷ ᠤᠨ ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠢ ᠬᠢᠨᠠᠨ ᠲᠣᠭᠲᠠᠭᠠᠬᠤ ᠲᠤᠬᠠᠢ ᠤᠯᠤᠰ ᠤᠨ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠺᠣᠮᠢᠰ ᠤᠨ ᠮᠡᠳᠡᠭᠳᠡᠯ︾ ︵ᠤᠯᠤᠰ ᠡᠭᠦᠯᠳᠡᠷ ᠬᠢᠨᠠᠯᠲᠠ ﹇2016﹈ 1 ᠳ᠋ᠤᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ︽ᠵᠥᠩ ᠪᠠᠩ 202︾ ᠵᠡᠷᠭᠡ 550 ︵ᠡᠷᠳᠡᠨᠢ ᠰᠢᠰᠢ᠂ ᠰᠢᠷ᠎ᠠ ᠪᠤᠷᠴᠠᠭ᠂ ᠤᠰᠤᠨ ᠲᠤᠲᠤᠷᠭ᠎ᠠ︶ ᠶᠢᠨ ᠡᠭᠦᠯᠳᠡᠷ ᠣᠷᠣᠭᠤᠯᠬᠤ ᠶᠢ ᠳᠠᠩᠰᠠᠯᠠᠭᠰᠠᠨ ᠠᠩᠬᠠᠨ ᠤ ᠬᠢᠨᠠᠯᠲᠠ ᠶᠢᠨ ᠦᠷ᠎ᠡ ᠳ᠋ᠦᠩ ᠢ ᠢᠯᠡ ᠨᠡᠶᠢᠲᠡᠯᠡᠪᠡ ︵ᠳᠠᠭᠠᠯᠳᠤᠭᠤᠯᠤᠯ ᠳᠤ ᠦᠵᠡᠭᠡᠷᠡᠢ ︶᠃      ᠢᠯᠡ ᠨᠡᠶᠢᠲᠡᠯᠡᠬᠦ ᠬᠤᠭᠤᠴᠠᠭ᠎ᠠ ᠨᠢ 5 ᠡᠳᠦᠷ᠄ 3 ᠰᠠᠷ᠎ᠠ ᠶᠢᠨ 20 ᠤ ᠡᠳᠦᠷ ᠠᠴᠠ 3 ᠰᠠᠷ᠎ᠠ ᠶᠢᠨ 24 ᠤ ᠡᠳᠦᠷ ᠪᠣᠯᠲᠠᠯ᠎ᠠ᠃ ᠢᠯᠡ ᠨᠡᠶᠢᠲᠡᠯᠡᠬᠦ ᠬᠤᠭᠤᠴᠠᠭᠠᠨ ᠳᠤ ᠂ ᠬᠡᠷᠪᠡ ᠢᠯᠡ ᠨᠡᠶᠢᠲᠡᠯᠡᠬᠦ ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ ᠂ ᠪᠢᠴᠢᠭ ᠤᠨ ᠬᠡᠯᠪᠡᠷᠢ ᠪᠠᠷ ᠳᠠᠮᠵᠢᠭᠤᠯᠤᠨ ᠲᠤᠭᠳᠠᠭᠰᠠᠨ ᠢᠮᠧᠯ ᠳᠤ ᠬᠠᠷᠢᠭᠤ ᠳᠤᠰᠬᠠᠭᠠᠷᠠᠢ᠂ ᠲᠤᠰᠬᠠᠭᠰᠠᠨ ᠬᠥᠮᠥᠨ ᠨᠢ ᠡᠷᠬᠡᠪᠰᠢ ᠦᠨᠡᠨ ᠪᠣᠳᠠᠲᠠᠢ ᠣᠪᠣᠭ ᠨᠡᠷ᠎ᠡ ᠂ ᠨᠢᠭᠡᠴᠢ ᠵᠢᠴᠢ ᠬᠠᠷᠢᠯᠴᠠᠬᠤ ᠠᠷᠭ᠎ᠠ ᠮᠠᠶ᠋ᠢᠭ ᠢᠶᠠᠨ ᠲᠣᠳᠣᠷᠬᠠᠶᠢᠯᠠᠬᠤ ᠬᠡᠷᠡᠭᠲᠡᠢ ᠃      ᠬᠠᠷᠢᠯᠴᠠᠬᠤ ᠬᠥᠮᠥᠨ᠄ ᠰᠦᠨ ᠢᠦᠢ ᠶᠠᠨ      ᠬᠠᠷᠢᠯᠴᠠᠬᠤ ᠬᠡᠯᠪᠡᠷᠢ᠄ 0471-6286603      ᠢᠮᠧᠯ᠄ nmgzyfzc@126.com       ᠳᠠᠭᠠᠯᠳᠤᠭᠤᠯᠤᠯ᠄ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠳᠤ ᠡᠭᠦᠯᠳᠡᠷ ᠣᠷᠣᠭᠤᠯᠬᠤ ᠶᠢ ᠳᠠᠩᠰᠠᠯᠠᠭᠰᠠᠨ ᠠᠩᠬᠠᠨ ᠤ ᠬᠢᠨᠠᠯᠲᠠ ᠶᠢᠨ ᠦᠷ᠎ᠡ ᠳ᠋ᠦᠩ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                        ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                               2023 ᠣᠨ ᠤ 3 ᠰᠠᠷ᠎ᠠ ᠶᠢᠨ 20 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号