ᠮᠠᠨ ᠤ ᠤᠷᠤᠨ 6 ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠴᠢᠳᠠᠪᠤᠷᠢ ᠶᠢ ᠰᠢᠨ᠎ᠠ ᠪᠠᠷ 5957 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠭᠳᠡᠬᠦᠯᠵᠠᠢ
ᠨᠡᠶᠢᠲᠡᠯᠡᠭᠰᠡᠨ ᠴᠠᠭ᠄
2023/3/21
      ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2022 ᠣᠨ ᠳᠤ ᠮᠠᠨ ᠤ ᠤᠷᠤᠨ ᠤᠰᠤ ᠠᠷᠪᠢᠯᠡᠬᠤ ᠠᠵᠢᠯ ᠢ ᠶᠡᠭᠡ ᠪᠠᠷ ᠠᠬᠢᠭᠤᠯᠵᠤ᠂ ᠨᠢᠭᠡ ᠵᠢᠯ ᠤᠨ ᠲᠤᠷᠰᠢ ᠪᠦᠬᠦ ᠤᠷᠤᠨ ᠤ ᠡᠯ᠎ᠡ ᠭᠠᠵᠠᠷ ᠤᠷᠤᠨ ᠤ ᠬᠢᠨ ᠤᠰᠤᠯᠠᠯᠲᠠ ᠶᠢᠨ ᠣᠷᠣᠨ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠳᠠᠮᠵᠢᠨ ᠲᠠᠷᠢᠶᠠᠯᠠᠩ ᠳᠤ ᠬᠡᠷᠡᠭᠯᠡᠬᠦ ᠤᠰᠤᠨ ᠤ ᠬᠠᠮᠢᠶᠠᠷᠤᠯᠲᠠ ᠶᠢ ᠦᠷᠭᠦᠯᠵᠢᠯᠡᠨ ᠰᠠᠶᠢᠳᠤᠷ ᠠᠳᠬᠤᠵᠤ ᠂ ᠪᠣᠷᠣᠲᠣᠬᠤᠶ ᠪᠠ ᠳ᠋ᠧᠩᠺᠧᠦ 2 ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠪᠣᠯᠤᠨ ᠰᠠᠨ ᠬᠤ᠋ ᠾᠧ᠂ ᠬᠤᠸᠠ ᠮᠥ ᠯᠠᠨ᠂ ᠵᠢᠶ ᠴᠢᠨ ᠾᠧ᠂ ᠬᠤᠩ ᠰᠢᠩ ᠵᠡᠷᠬᠡ 4 ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠤᠰᠤᠯᠠᠯᠲᠠ ᠶᠢᠨ ᠲᠠᠯᠠᠪᠠᠶ ᠶᠢ 120.05 ᠲᠦᠮᠡᠨ ᠮᠦ ᠦᠭᠡᠷᠡᠴᠢᠯᠡᠨ ᠰᠠᠶᠢᠵᠢᠷᠠᠭᠤᠯᠵᠦ ᠂ ᠤᠰᠤ ᠠᠷᠪᠢᠯᠠᠬᠤ ᠴᠢᠳᠠᠪᠤᠷᠢ ᠶᠢ ᠰᠢᠨ᠎ᠡ ᠪᠠᠷ 5957 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠭᠳᠡᠭᠦᠯᠪᠡ ᠃      ᠮᠠᠨ ᠤ ᠤᠷᠤᠨ ᠨᠢᠳᠤᠨᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠲᠣᠭᠲᠠᠭᠠᠵᠤ ᠂ ᠲᠠᠷᠢᠶᠠᠯᠠᠩ ᠳᠤ ᠬᠡᠷᠡᠭᠯᠡᠬᠦ ᠤᠰᠤᠨ ᠤ ᠬᠠᠮᠢᠶᠠᠷᠤᠯᠲᠠ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠪᠦᠷᠢᠯᠳᠦᠯ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ᠂ ᠤᠰᠤ ᠠᠷᠪᠢᠯᠠᠭᠰᠠᠨ ᠱᠠᠩᠨᠠᠯ ᠪᠠ ᠨᠠᠷᠢᠯᠢᠭ ᠤᠨᠤᠴᠠᠳᠠᠢ ᠨᠥᠬᠦᠪᠥᠷᠢ ᠵᠡᠷᠭᠡ 4 ᠵᠦᠢᠯ ᠤᠨ ᠲᠣᠭᠲᠠᠴᠠ ᠶᠢ ᠲᠦᠷᠭᠡᠳᠭᠡᠨ ᠪᠠᠶᠢᠭᠤᠯᠪᠠ ᠃ ᠪᠠᠰᠠ ᠤᠯᠤᠰ ᠤᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠠᠯᠠ ᠮᠦᠩᠭᠦ ᠶᠢ ᠬᠡᠷᠡᠭᠯᠡᠬᠦ ᠱᠠᠭᠠᠷᠳᠠᠯᠭ᠎ᠠ ᠶᠣᠰᠣᠭᠠᠷ᠂ ᠤᠯᠤᠰ ᠤᠨ ᠬᠠᠲᠤᠨ ᠭᠤᠤᠯ ᠤᠨ ᠰᠠᠪᠠ ᠭᠠᠵᠠᠷ ᠤᠨ ᠤᠰᠤ ᠠᠷᠪᠢᠯᠠᠵᠤ ᠬᠢᠵᠠᠭᠠᠷᠯᠠᠬᠤ᠂ ᠪᠠᠷᠠᠭᠤᠨ ᠯᠢᠶᠣᠤ ᠾᠧ ᠭᠤᠤᠯ ᠤᠨ ︽ᠤᠰᠤᠨ ᠤ ᠪᠠᠶᠢᠳᠠᠯ ᠢᠶᠠᠷ ᠪᠤᠳᠠᠳᠠᠢ ᠠᠵᠢᠯᠯᠠᠵᠤ ᠬᠡᠷᠡᠭᠴᠡᠭᠡ ᠪᠠᠨ ᠲᠤᠭᠲᠠᠭᠠᠬᠤ︾ ᠱᠠᠭᠠᠷᠳᠠᠯᠭ᠎ᠠ ᠲᠠᠢ ᠤᠶᠠᠯᠳᠤᠭᠤᠯᠵᠤ ᠪᠠᠶᠢᠭᠠᠳ 2022 ᠣᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠠᠯᠠ ᠮᠦᠩᠭᠦ ᠶᠢ 7428 ᠲᠦᠮᠡᠨ ᠲᠥᠭᠦᠷᠢᠭ ᠪᠠᠭᠤᠯᠭᠠᠵᠤ᠂ ᠬᠠᠲᠤᠨ ᠭᠤᠤᠯ ᠤᠨ ᠰᠠᠪᠠ ᠭᠠᠵᠠᠷ ᠤᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ ᠭᠤᠤᠯᠳᠠᠯᠭ᠎ᠠ ᠲᠠᠢ ᠬᠡᠷᠡᠭᠯᠡᠭᠦᠯᠬᠦ ᠶᠢᠨ ᠬᠠᠮᠲᠤ ᠪᠤᠰᠤᠳ ᠰᠠᠪᠠ ᠭᠠᠵᠠᠷ ᠤᠨ ᠥᠩᠭᠡᠨ ᠲᠠᠯ᠎ᠠ ᠶᠢᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠬᠠᠮᠲᠤ ᠳᠤᠨᠢ ᠬᠠᠷᠠᠭᠠᠯᠵᠠᠵᠤ᠂ ᠪᠦᠬᠦ ᠵᠢᠯ ᠳᠤ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠨᠭ᠍ᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠤᠭᠰᠠᠨ ᠲᠠᠯᠠᠪᠠᠶ 473 ᠲᠦᠮᠡᠨ ᠮᠥ ᠳᠤ ᠬᠦᠷᠦᠭᠰᠡᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号