ᠬᠦᠬᠡᠬᠤᠲᠠ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠭᠦᠯᠬᠦ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ ᠢ ᠴᠤᠭᠴᠠᠯᠠᠨ᠎ᠠ
ᠨᠡᠶᠢᠲᠡᠯᠡᠭᠰᠡᠨ ᠴᠠᠭ᠄
2023/3/22
      ᠢᠯᠢ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠶ ᠶᠢᠨ ᠪᠥᠬᠦ ᠪᠦᠮᠪᠦᠷᠴᠡᠭ ᠤᠨ ᠣᠶᠤᠨᠲᠤ ᠦᠢᠯᠡᠳᠭᠡᠯ ᠤᠨ ᠠᠵᠤ ᠦᠢᠯᠡᠰ ᠤᠨ ᠬᠦᠷᠢᠶᠡᠯᠡᠩ ᠤᠨ ᠲᠥᠯᠥᠪᠲᠦ ᠰᠦ ᠶᠢᠨ ᠪᠥᠬᠦ ᠪᠦᠮᠪᠦᠷᠴᠡᠭ ᠤᠨ ᠣᠶᠤᠨᠲᠤ ᠦᠢᠯᠡᠳᠭᠡᠯ ᠤᠨ ᠰᠠᠭᠤᠷᠢᠨ ᠨᠢ ᠬᠠᠮᠤᠭ ᠤᠨ ᠶᠡᠭᠡ ᠬᠢᠯᠠᠰ ᠴᠡᠭ ᠪᠤᠯᠵᠠᠢ᠃ ᠣᠶᠢᠯᠠᠭᠠᠭᠰᠠᠨ ᠢᠶᠠᠷ᠂ ᠰᠢᠩᠭᠡᠨ ᠲᠥᠯᠥᠪᠲᠦ ᠰᠦ ᠶᠢᠨ ᠲᠥᠷᠥᠯ ᠵᠦᠢᠯ ᠨᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ 5G BIM ᠮᠡᠷᠭᠡᠵᠢᠯ ᠢ ᠬᠡᠷᠡᠭᠯᠡᠨ ᠂ ᠰᠢᠩᠭᠡᠨ ᠲᠥᠯᠥᠪᠲᠦ ᠰᠦ ᠰᠠᠪᠠᠯᠠᠬᠤ ᠬᠤᠷᠳᠤᠴᠠ ᠶᠢ ᠶᠡᠭᠡ ᠪᠠᠷ ᠳᠡᠭᠡᠭᠰᠢᠯᠡᠭᠦᠯᠵᠦ ᠂ ᠴᠠᠭ ᠪᠦᠷᠢ 4 ᠲᠦᠮᠡᠨ ᠪᠣᠭᠤᠳᠠᠯ ᠰᠠᠪᠠᠯᠠᠬᠤ ᠶᠢ ᠪᠡᠶᠡᠯᠡᠬᠦᠯᠵᠦ᠂ ᠪᠥᠬᠦ ᠳᠡᠯᠡᠬᠡᠶ ᠶᠢᠨ ᠬᠠᠮᠤᠭ ᠤᠨ ᠲᠦᠷᠭᠡᠨ᠂ ᠠᠦ᠋ᠲ᠋ᠣᠴᠢᠯᠡᠭᠰᠠᠨ ᠬᠢᠷᠢ ᠬᠡᠮᠵᠢᠶ᠎ᠡ ᠪᠠᠷ ᠬᠠᠮᠤᠭ ᠤᠨ ᠥᠨᠳᠥᠷ ᠰᠠᠪᠠᠯᠠᠬᠤ ᠦᠢᠯᠡᠳᠪᠦᠷᠢᠯᠡᠯ ᠤᠨ ᠱᠤᠭᠤᠮ ᠪᠤᠯᠵᠠᠢ᠃      ᠨᠢᠯᠬ᠎ᠠ ᠬᠡᠦᠬᠡᠳ ᠤᠨ ᠨᠠᠶᠢᠷᠠᠯᠭ᠎ᠠ  ᠲᠠᠢ ᠰᠦᠨ ᠲᠠᠯᠬ᠎ᠠ ᠶᠢᠨ ᠰᠠᠭᠤᠷᠢᠨ ᠳᠤ ᠂ ᠲᠦᠭᠦᠬᠡᠶ ᠮᠠᠲ᠋ᠧᠷᠢᠶᠠᠯ ᠢ ᠤᠷᠢᠳᠴᠢᠯᠠᠨ ᠰᠢᠢᠳᠪᠦᠷᠢᠯᠡᠬᠦ ᠠᠴᠠ ᠨᠠᠷᠢᠯᠢᠭ ᠨᠠᠶᠢᠷᠠᠭᠤᠯᠬᠤ ᠂ ᠪᠣᠭᠤᠳᠠᠯᠯᠠᠬᠤ ᠬᠦᠷᠲᠡᠯ᠎ᠡ᠂ ᠠᠷᠪᠠᠨ ᠬᠡᠳᠦᠨ ᠵᠦᠢᠯ ᠤᠨ ᠠᠵᠢᠯ ᠤᠨ ᠳᠠᠷᠠᠭᠠᠯᠠᠯ ᠢ ᠨᠢᠭᠡ ᠯᠠ ᠵᠤᠷᠪᠤᠰ ᠪᠢᠲᠡᠭᠦᠮᠵᠢᠯᠡᠭᠰᠡᠨ ᠠᠦ᠋ᠲ᠋ᠣᠴᠢᠯᠡᠭᠰᠠᠨ ᠦᠢᠯᠡᠳᠪᠦᠷᠢᠯᠡᠯ ᠤᠨ ᠱᠤᠭᠤᠮ ᠳᠡᠭᠡᠷ᠎ᠡ ᠪᠡᠶᠡᠯᠡᠭᠦᠯᠵᠦ ᠪᠤᠢ᠃ ᠠᠵᠢᠯᠲᠠᠨ ᠵᠥᠪᠬᠡᠨ ᠲᠣᠮᠣ ᠳᠡᠯᠭᠡᠴᠡ ᠶᠢ ᠡᠵᠡᠮᠳᠡᠵᠦ᠂ ᠨᠢᠭᠡ ᠺᠣᠮᠫᠢᠦ᠋ᠲ᠋ᠧᠷ ᠢᠶᠠᠷ ᠪᠦᠬᠦᠶᠢᠯᠡ ᠦᠢᠯᠡᠳᠪᠦᠷᠢ ᠶᠢᠨ ᠦᠢᠯᠡᠳᠪᠦᠷᠢᠯᠡᠯ ᠤᠨ ᠱᠤᠭᠤᠮ ᠨᠢᠭᠡᠪᠦᠷᠢ᠂ ᠲᠥᠬᠦᠭᠡᠷᠦᠮᠵᠢ ᠨᠢᠭᠡᠪᠦᠷᠢ ᠶᠢ ᠨᠠᠷᠢᠨ ᠣᠨᠣᠪᠴᠢᠲᠠᠶ ᠡᠵᠡᠮᠳᠡᠵᠦ ᠴᠢᠳᠠᠨ᠎ᠠ ᠁ 2022 ᠣᠨ ᠳᠤ ᠂ ᠢᠯᠢ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠦᠨᠳᠡᠢ ᠶᠢᠨ ᠰᠢᠩᠭᠡᠨ ᠰᠦ᠂ ᠰᠦᠨ ᠲᠠᠯᠬ᠎ᠠ᠂ ᠤᠶᠤᠨᠲᠤ ᠦᠢᠯᠡᠳᠭᠡᠯ ᠤᠨ ᠪᠡᠶᠡᠴᠢᠯᠡᠨ ᠣᠶᠢᠯᠠᠭᠠᠬᠤ ᠲᠥᠪ᠂ ᠤᠶᠤᠨᠲᠤ ᠮᠠᠯᠵᠢᠯ ᠤᠨ ᠲᠠᠯᠠᠪᠠᠶ ᠵᠡᠷᠭᠡ ᠳᠥᠷᠪᠡᠨ ᠶᠡᠭᠡ ᠭᠤᠣᠯᠯᠠᠭᠴᠢ ᠲᠥᠷᠥᠯ ᠵᠦᠢᠯ ᠤᠨ ᠪᠠᠷᠢᠯᠭ᠎ᠠ ᠶᠢ ᠲᠠᠭᠤᠰᠬᠠᠵᠤ ᠠᠰᠢᠭᠯᠠᠯᠲᠠ ᠳᠤ ᠣᠷᠣᠭᠤᠯᠪᠠ᠃      ᠣᠶᠢᠷ᠎ᠠ ᠶᠢᠨ ᠵᠢᠯ ᠳᠤ ᠬᠦᠬᠡᠬᠤᠳᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠪᠦᠷ ᠮᠤᠩᠭᠤᠯ ᠢᠶᠠᠨ ᠮᠠᠨᠳᠤᠭᠤᠯᠬᠤ︾ ᠪᠠᠶᠢᠯᠳᠤᠬᠤ ᠪᠤᠳᠤᠯᠭ᠎ᠠ ᠶᠢ ᠪᠦᠳᠦᠭᠡᠯᠴᠢ ᠪᠠᠷ ᠬᠡᠷᠡᠭᠵᠢᠬᠦᠯᠵᠦ᠂ ᠣᠷᠣᠨ ᠤ ᠲᠦᠪ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠠᠭᠤᠯᠢᠭ ᠡᠬᠢ ᠪᠠᠶᠠᠯᠢᠭ ᠲᠤ ᠲᠦᠰᠢᠭᠯᠡᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠭᠦᠯᠬᠦ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ ᠢ ᠴᠢᠷᠮᠠᠶᠢᠨ ᠴᠤᠭᠴᠠᠯᠠᠨ᠎ᠠ᠃ ᠨᠢᠳᠤᠨᠤᠨ᠂ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠨᠠᠢᠮᠠᠳᠤᠭᠠᠷ ᠬᠤᠭᠤᠴᠠᠭᠠᠨ ᠤ ᠰᠢᠨ᠎ᠡ ᠰᠦ ᠶᠢᠨ ᠦᠢᠯᠡᠳᠪᠦᠷᠢ᠂ ᠪᠢᠰᠢᠯᠠᠭ ᠤᠨ ᠦᠢᠯᠡᠳᠪᠦᠷᠢ᠂ ᠳᠣᠣᠷ᠎ᠠ ᠳᠤᠯᠠᠭᠠᠨᠲᠤ ᠦᠢᠯᠡᠳᠪᠦᠷᠢ ᠵᠡᠷᠭᠡ ᠭᠤᠷᠪᠠᠨ ᠶᠡᠭᠡ ᠦᠢᠯᠡᠳᠪᠦᠷᠢ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠶᠢᠰᠦᠳᠦᠭᠡᠷ ᠬᠤᠭᠤᠴᠠᠭᠠᠨ ᠤ ᠰᠦᠨ ᠲᠠᠯᠬ᠎ᠠ ᠶᠢᠨ ᠲᠦᠷᠦᠯ ᠵᠦᠢᠯ ᠪᠠᠷᠢᠯᠭ᠎ᠠ ᠡᠬᠢᠯᠡᠵᠦ᠂ ᠨᠢᠳᠤᠨᠤᠨ ᠤ ᠪᠦᠬᠦ ᠵᠢᠯ ᠤᠨ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ 2200 ᠳ᠋ᠦᠩᠰᠢᠭᠤᠷ ᠲᠦᠭᠦᠷᠢᠭ ᠢ ᠳᠠᠪᠠᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠨ 10% ᠪᠠᠷ ᠨᠡᠮᠡᠭᠳᠡᠪᠡ ᠃ ᠮᠦᠨ ᠲᠤᠰ ᠵᠢᠯ ᠳᠤ ᠪᠥᠬᠦ ᠬᠤᠲᠠ ᠶᠢᠨ ᠮᠠᠯ ᠠᠵᠤ ᠠᠬᠤᠶ ᠲᠠᠷᠢᠶᠠᠯᠠᠩ᠂ ᠰᠦ ᠶᠢᠨ ᠦᠢᠯᠡᠰ ᠤᠨ ᠦᠢᠯᠡᠳᠪᠦᠷᠢᠯᠡᠯ ᠤᠨ ᠬᠡᠪᠴᠢᠶ᠎ᠡ ᠦᠷᠭᠦᠯᠵᠢᠯᠡᠨ ᠥᠷᠭᠡᠳᠴᠦ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠦᠯᠦᠭᠯᠡᠯ  ᠲᠠᠢ ᠬᠤᠯᠪᠤᠭᠳᠠᠯ ᠪᠥᠬᠦᠶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ 398.4 ᠳ᠋ᠦᠩᠰᠢᠭᠤᠷ ᠲᠦᠭᠦᠷᠢᠭ ᠤᠨ ᠦᠢᠯᠡᠳᠭᠦᠨ ᠤ ᠦᠷᠳᠡᠭ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ 13.7% ᠪᠠᠷ ᠨᠡᠮᠡᠭᠳᠡᠭᠰᠡᠨ ᠪᠠᠶᠢᠨ᠎ᠠ᠃ ᠡᠨᠡ ᠵᠢᠯ᠂ ᠬᠦᠬᠡᠬᠤᠲᠠ 94 ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ ᠪᠤᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠭᠦᠯᠬᠦ ᠠᠵᠤ ᠦᠢᠯᠡᠰ ᠤᠨ ᠪᠦᠯᠦᠭᠵᠢᠯ ᠢ ᠦᠷᠭᠦᠯᠵᠢᠯᠡᠨ ᠴᠢᠷᠮᠠᠶᠢᠨ ᠴᠤᠭᠴᠠᠯᠠᠨ᠎ᠠ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号