ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠢᠲᠤᠯᠬᠤ ᠭᠤᠭᠴᠤᠭ᠎ᠠ ᠶᠢᠨ ᠥᠯᠢᠭᠡᠷ ᠡᠳ᠋ ᠠᠪᠬᠤ ᠠᠵᠢᠯ ᠤᠨ ᠳᠤᠭᠤᠶᠢᠯᠠᠩ ᠬᠢᠩᠭᠠᠨ ᠠᠶᠢᠮᠠᠭ ᠲᠤ ᠬᠦᠷᠴᠦ ᠥᠯᠢᠭᠡᠷ ᠡᠳ᠋ ᠠᠪᠬᠤ ᠠᠵᠢᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/3/7
      ᠣᠶᠢᠷ᠎ᠠ ᠳᠤ᠂ ︽2023 ᠣᠨ ᠤ ᠮᠠᠯ ᠵᠢᠭᠦᠷᠲᠡᠨ ᠢ ᠨᠢᠲᠤᠯᠬᠤ ᠶᠠᠰᠤ ᠴᠢᠨᠠᠷ ᠠᠶᠤᠯᠬᠦᠢ ᠶᠢ ᠬᠢᠨᠠᠨ ᠬᠡᠮᠵᠢᠬᠦ ᠲᠥᠯᠥᠪᠯᠡᠭᠡ ᠶᠢ ᠳᠠᠷᠤᠮᠠᠯᠯᠠᠨ ᠲᠠᠷᠬᠠᠭᠠᠬᠤ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠪᠠ ︽ᠨᠢᠲᠤᠯᠬᠤ ᠭᠤᠭᠴᠤᠭ᠎ᠠ ᠳᠠᠬᠢ ᠬᠥᠷᠥᠰᠦᠯᠢᠭ ᠡᠳ᠋ ᠤᠨ ᠰᠢᠬᠢᠷᠲᠦ ᠬᠤᠷᠮᠣᠨ ᠤ ᠲᠥᠷᠥᠯ ᠤᠨ ᠡᠮ ᠤᠨ ᠲᠤᠰᠬᠠᠢ ᠬᠢᠨᠠᠨ ᠬᠡᠮᠵᠢᠯᠲᠡ ᠶᠢ ᠥᠷᠨᠢᠭᠦᠯᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠤᠯᠤᠰ ᠤᠨ ᠠᠮᠢᠲᠠᠨ ᠤ ᠡᠷᠡᠭᠦᠯ ᠬᠠᠮᠠᠭᠠᠯᠠᠯ ᠬᠢᠭᠡᠳ ᠲᠠᠬᠤᠯ ᠡᠪᠡᠳᠴᠢᠨ ᠤ ᠰᠤᠳᠤᠯᠤᠯ ᠤᠨ ᠲᠥᠪ ᠤᠨ ᠠᠮᠢᠲᠠᠨ ᠤ ᠠᠰᠢᠭ ᠰᠢᠮ᠎ᠡ ᠶᠢᠨ ᠠᠶᠤᠯᠬᠦᠢ ᠶᠢ ᠬᠢᠨᠠᠨ ᠬᠡᠮᠵᠢᠬᠦ ᠲᠠᠰᠤᠭ ︵ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠮᠢᠲᠠᠨ ᠵᠢᠴᠢ ᠠᠮᠢᠲᠠᠨ ᠤ ᠠᠰᠢᠭ ᠰᠢᠮ᠎ᠡ ᠶᠢᠨ ᠡᠷᠡᠭᠦᠯ ᠬᠠᠮᠠᠭᠠᠯᠠᠯ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠲᠥᠪ︶ ᠤᠨ ᠡᠷᠬᠢᠯᠡᠭᠴᠢ ᠰᠥᠩ ᠼᠦᠢ ᠫᠢᠩ᠂ ᠳᠡᠭᠡᠳᠦ ᠵᠡᠷᠭᠡ ᠶᠢᠨ ᠮᠠᠯ ᠤᠨ ᠡᠮᠴᠢ ᠸᠠᠩ ᠱᠦ ᠲᠢᠩ ᠨᠠᠷ ᠬᠢᠩᠭᠠᠨ ᠠᠶᠢᠮᠠᠭ ᠲᠤ ᠬᠦᠷᠴᠦ ᠥᠯᠢᠭᠡᠷ ᠡᠳ᠋ ᠠᠪᠤᠪᠠ᠃ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠠᠶᠤᠯᠬᠦᠢ ᠶᠢᠨ ᠲᠥᠪ ᠤᠨ ᠳᠡᠳ᠋ ᠡᠷᠬᠢᠯᠡᠭᠴᠢ ᠤᠷᠢᠬᠠᠨ ᠂ ᠳᠡᠯᠭᠡᠷᠡᠭᠦᠯᠦᠯᠲᠡ ᠶᠢᠨ ᠰᠤᠳᠤᠯᠤᠭᠴᠢ ᠮᠢᠶᠣᠣ ᠯᠢ ᠮᠧᠶ ᠥᠯᠢᠭᠡᠷ ᠡᠳ᠋ ᠠᠪᠬᠤ ᠳᠤ ᠪᠠᠷ᠎ᠠ ᠪᠣᠯᠪᠠ ᠃      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠢᠲᠤᠯᠬᠤ ᠭᠤᠭᠴᠤᠭ᠎ᠠ ᠶᠢᠨ ᠥᠯᠢᠭᠡᠷ ᠡᠳ᠋ ᠠᠪᠬᠤ ᠠᠵᠢᠯ ᠤᠨ ᠳᠤᠭᠤᠶᠢᠯᠠᠩ ᠤᠨ  ᠬᠢᠨ ᠤᠯᠠᠭᠠᠨᠬᠤᠲᠠ ᠶᠢᠨ ᠯᠢ ᠰᠢᠶᠠᠩ ᠢᠳᠡᠭᠡᠨ ᠤ ᠬᠢᠵᠠᠭᠠᠷᠲᠤ ᠺᠣᠮᠫᠠᠨᠢ᠂ ᠤᠯᠠᠭᠠᠨᠬᠤᠲᠠ ᠶᠢᠨ ᠽᠧᠩ ᠯᠢᠶᠠᠩ ᠯᠠᠯᠤ ᠶᠢᠨ ᠨᠢᠲᠤᠯᠬᠤ ᠦᠢᠯᠡᠳᠪᠦᠷᠢ᠂ ᠤᠯᠠᠭᠠᠨᠬᠤᠲᠠ ᠶᠢᠨ ᠰᠢᠨ ᠬᠤᠩ ᠶᠦᠨ ᠨᠢᠲᠤᠯᠵᠤ ᠪᠣᠯᠪᠠᠰᠤᠷᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ ᠥᠯᠢᠭᠡᠷ ᠡᠳ᠋ ᠠᠪᠴᠤ᠂ ᠨᠡᠶᠢᠲᠡ 30 ᠬᠤᠪᠢ ᠦᠬᠡᠷ ᠤᠨ ᠡᠯᠢᠭᠡ ︵ ᠠᠶᠤᠯᠬᠦᠢ ᠶᠢ ᠬᠢᠨᠠᠨ ᠬᠡᠮᠵᠢᠬᠦ ᠥᠯᠢᠭᠡᠷ ᠡᠳ᠋ 25 ᠬᠤᠪᠢ᠂ ᠲᠤᠰᠬᠠᠢ ᠬᠢᠨᠠᠨ ᠬᠡᠮᠵᠢᠬᠦ ᠥᠯᠢᠭᠡᠷ ᠡᠳ᠋ 5 ᠬᠤᠪᠢ︶᠂ 7 ᠬᠤᠪᠢ ᠬᠤᠨᠢᠨ ᠤ ᠡᠯᠢᠭᠡ᠂ 4 ᠬᠤᠪᠢ ᠭᠠᠭ᠋ᠠᠢ ᠶᠢᠨ ᠡᠯᠢᠭᠡ ᠪᠣᠶ᠃      ᠲᠣᠰ ᠤᠳᠠᠭ᠎ᠠ ᠶᠠᠮᠤᠨ ᠤ ᠲᠠᠰ ᠤᠨ ᠥᠯᠢᠭᠡᠷ ᠡᠳ᠋ ᠠᠪᠤᠭᠰᠠᠨ ᠨᠢ ᠂ ᠬᠢᠩᠭᠠᠨ ᠠᠶᠢᠮᠠᠭ ᠤᠨ ᠮᠠᠯ ᠵᠢᠭᠦᠷᠲᠡᠨ ᠢ ᠨᠢᠲᠤᠯᠬᠤ ᠭᠤᠭᠴᠤᠭ᠎ᠠ ᠶᠢᠨ ᠶᠠᠰᠤ ᠴᠢᠨᠠᠷ ᠠᠶᠤᠯᠬᠦᠢ ᠶᠢᠨ ᠪᠠᠶᠢᠳᠠᠯ ᠪᠠ ᠬᠥᠭᠵᠢᠯᠲᠡ ᠶᠢᠨ ᠬᠠᠨᠳᠤᠰᠢ ᠶᠢ ᠴᠠᠭ ᠲᠤᠬᠠᠢ ᠳᠤ  ᠨᠢ ᠡᠵᠡᠮᠰᠢᠵᠦ᠂ ᠠᠶᠤᠯᠬᠦᠢ ᠶᠢ ᠦᠨᠡᠯᠡᠨ ᠵᠢᠱᠢᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠴᠢᠭᠯᠡᠭᠦᠯᠬᠦ ᠴᠢᠨᠠᠷᠲᠠᠢ ᠪᠠᠷ ᠥᠷᠨᠢᠭᠦᠯᠬᠦ ᠶᠢ ᠲᠦᠯᠬᠢᠨ ᠠᠬᠢᠭᠤᠯᠵᠤ᠂ ᠬᠢᠩᠭᠠᠨ ᠠᠶᠢᠮᠠᠭ ᠤᠨ ᠮᠠᠯ ᠵᠢᠭᠦᠷᠲᠡᠨ ᠤ ᠪᠦᠲᠦᠭᠡᠭᠳᠡᠬᠦᠨ ᠤ ᠶᠠᠰᠤ ᠴᠢᠨᠠᠷ ᠠᠶᠤᠯᠬᠦᠢ ᠶᠢᠨ ᠬᠢᠷᠢ ᠲᠦᠪᠰᠢᠨ ᠢ ᠤᠯᠠᠮ ᠴᠢᠨᠠᠬᠰᠢᠳᠠ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号