︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/3/7
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ︵ᠲᠠᠷᠢᠶᠠᠯᠠᠩ︶ ᠶᠢᠨ ᠮᠡᠷᠭᠡᠵᠢᠯ ᠳᠡᠯᠭᠡᠷᠡᠭᠦᠯᠬᠦ ᠲᠥᠪ᠂ ᠬᠥᠭᠵᠢᠭᠦᠯᠦᠯᠲᠡ ᠶᠢᠨ ᠲᠥᠪ᠂ ᠰᠤᠳᠤᠯᠭᠠᠨ ᠤ ᠭᠠᠵᠠᠷ᠂ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢ ᠡᠷᠭᠢᠯᠡᠬᠦ ᠨᠢᠭᠡᠴᠢ ᠂ ᠳᠠᠭᠠᠭᠠᠨ ᠲᠤᠷᠰᠢᠬᠤ ᠨᠢᠭᠡᠴᠢ ᠂ ᠲᠤᠷᠰᠢᠯᠲᠠ ᠳᠤ ᠣᠷᠤᠯᠴᠠᠬᠤ ᠨᠢᠭᠡᠴᠢ ᠳᠤ᠄      ᠲᠤᠷᠰᠢᠯᠲᠠ ᠳᠤ ᠣᠷᠣᠯᠴᠠᠭᠰᠠᠨ ᠰᠢᠨ᠎ᠡ ᠡᠭᠦᠯᠳᠡᠷ ᠤᠨ ᠶᠡᠷᠦᠩᠬᠡᠶᠢᠯᠡᠭᠰᠡᠨ ᠴᠢᠨᠠᠷ ᠪᠠ ᠲᠡᠰᠪᠦᠷᠢᠯᠡᠬᠦ ᠴᠢᠨᠠᠷ ᠤᠨ ᠢᠯᠡᠷᠡᠯ ᠢ ᠪᠤᠰᠤᠳᠴᠢ ᠂ ᠰᠢᠨᠵᠢᠯᠡᠬᠦ ᠤᠬᠠᠭᠠᠨᠴᠢ ᠂ ᠲᠥᠪ ᠭᠤᠣᠯᠴᠢ ᠪᠠᠷ ᠬᠢᠨᠠᠨ ᠲᠣᠭᠲᠠᠭᠠᠵᠤ᠂ ᠮᠠᠨ ᠤ ᠣᠷᠣᠨ ᠤ ᠠᠳᠠᠯᠢ ᠪᠤᠰᠤ ᠠᠮᠢ ᠠᠬᠤᠢ ᠶᠢᠨ ᠣᠷᠣᠨ ᠳᠤ ᠲᠠᠷᠢᠬᠤ ᠳᠤ ᠲᠣᠬᠢᠷᠠᠮᠵᠢᠲᠠᠢ ᠡᠭᠦᠯᠳᠡᠷ ᠢ ᠰᠢᠯᠢᠨ ᠰᠣᠩᠭᠤᠵᠤ ᠂ ᠮᠠᠨ ᠤ ᠣᠷᠣᠨ ᠤ ᠪᠤᠭᠤᠳᠠᠢ ᠶᠢᠨ ᠡᠭᠦᠯᠳᠡᠷ ᠤᠨ ᠰᠢᠨᠡᠳᠬᠡᠨ ᠰᠣᠯᠢᠭᠳᠠᠬᠤ ᠶᠢ  ᠲᠦᠭᠡᠳᠭᠡᠬᠦ ᠶᠢᠨ ᠲᠤᠰᠠᠲᠠ᠂ 2023 ᠣᠨ ᠤ 1 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ 2022 ᠣᠨ ᠤ ᠥᠪᠡᠷᠲᠡᠭᠡᠨ ᠵᠠᠰᠠᠬᠤ ᠣᠷᠣᠨ ᠤ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠳ᠋ᠦᠩᠨᠡᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠵᠢᠴᠢ ᠬᠤᠷᠠᠯ ᠤᠨ ᠰᠢᠢᠳᠪᠦᠷᠢ ᠶᠢ ᠦᠨᠳᠦᠰᠦᠯᠡᠨ᠂ ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠪᠠ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ ᠂ ᠬᠡᠷᠡᠭᠵᠢᠭᠦᠯᠬᠦ ᠲᠥᠰᠥᠯ ᠤᠨ ᠱᠠᠭᠠᠷᠳᠠᠯᠭ᠎ᠠ ᠶᠣᠰᠣᠭᠠᠷ ᠬᠢᠨᠠᠮᠠᠭᠠᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠡᠭᠦᠯᠳᠡᠷ ᠤᠨ ᠲᠤᠷᠰᠢᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠭᠠᠷᠠᠢ᠃       ᠳᠠᠭᠠᠯᠳᠤᠭᠤᠯᠤᠯ᠄ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                             ᠲᠠᠷᠢᠶᠠᠯᠠᠩ ᠮᠠᠯ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ                                 2023 ᠣᠨ ᠤ 3 ᠰᠠᠷ᠎ᠠ ᠶᠢᠨ 3 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号