ᠮᠠᠨ ᠤ ᠤᠷᠤᠨ ᠤ ᠬᠠᠪᠤᠷ ᠤᠨ ᠲᠠᠷᠢᠶᠠᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/3/7
29.1.jpg
          ᠬᠠᠪᠤᠷ ᠤᠨ ᠲᠠᠷᠢᠶᠠᠯᠠᠭ᠎ᠠ ᠶᠢᠨ ᠡᠭᠢᠯᠡᠯᠳᠡ ᠶᠢᠨ ᠶᠤᠰᠤᠯᠠᠯ᠃
29.2.jpg
          ᠲᠠᠷᠢᠶᠠᠴᠢᠳ ᠮᠠᠰᠢᠨ ᠢᠶᠠᠨ ᠵᠢᠯᠤᠭᠤᠳᠤᠨ ᠪᠤᠭᠤᠲᠠᠢ ᠪᠠᠨ ᠲᠠᠷᠢᠵᠤ ᠡᠭᠢᠯᠡᠪᠠ᠃      ᠲᠡᠬᠦᠰᠪᠢᠯᠢᠭ ᠰᠡᠭᠦᠳᠡᠷᠯᠡᠪᠡ      ᠤᠷᠴᠢᠮᠬᠠᠨ᠂ ᠥᠪᠡᠷᠲᠡᠭᠡᠨ ᠵᠠᠰᠠᠬᠤ ᠣᠷᠣᠨ ᠤ ᠬᠠᠪᠤᠷ ᠤᠨ ᠲᠠᠷᠢᠶᠠᠯᠠᠭ᠎ᠠ ᠵᠢᠴᠢ ᠠᠮᠤ ᠪᠤᠳᠠᠭᠠᠨ ᠤ ᠦᠢᠯᠡᠳᠪᠦᠷᠢᠯᠡᠯ ᠢ ᠠᠬᠢᠭᠤᠯᠬᠤ ᠠᠵᠢᠯ ᠤᠨ ᠲᠤᠬᠠᠶ ᠶᠢᠨ ᠲᠠᠯᠠᠪᠤᠷ ᠤᠨ ᠬᠤᠷᠠᠯ ᠪᠠᠶᠠᠨᠨᠠᠭᠤᠷ ᠬᠤᠲᠠ ᠶᠢᠨ ᠯᠢᠨ ᠾᠧ ᠲᠤᠭᠤᠷᠢᠭ ᠤᠨ ᠯᠠᠩᠱᠠᠨ ᠪᠠᠯᠭᠠᠰᠤᠨ ᠤ ᠭᠤᠸᠠᠩ ᠮᠢᠩ ᠲᠤᠰᠬᠤᠨ ᠳᠤ ᠶᠠᠪᠤᠭᠳᠠᠵᠤ᠂ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠪᠠᠷᠠᠭᠤᠨ ᠠᠴᠠ ᠵᠡᠭᠦᠨᠰᠢ ᠡᠬᠢᠯᠡᠭᠰᠡᠨ ᠢ ᠬᠠᠷᠠᠭᠤᠯᠵᠤ ᠪᠣᠶ᠃      ᠭᠤᠸᠠᠩ ᠮᠢᠩ ᠲᠤᠰᠬᠤᠨ ᠤ ᠲᠦᠮᠡᠨ ᠮᠦ ᠪᠤᠭᠤᠳᠠᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠤᠭᠤᠷᠢᠭ ᠲᠤ᠂ ᠮᠠᠰᠢᠨ ᠤ ᠲᠠᠭᠤᠨ ᠬᠦᠷᠴᠢᠭᠢᠨᠡᠵᠦ᠂ ᠲᠠᠷᠢᠮᠠᠯ ᠤᠨ ᠮᠠᠰᠢᠨ ᠨᠠᠰᠢ ᠴᠠᠰᠢ ᠰᠦᠯᠵᠢᠯᠳᠦᠵᠦ᠂ ᠮᠦᠬᠦᠯᠢᠭ ᠮᠥᠬᠦᠯᠢᠭ ᠪᠤᠭᠤᠳᠠᠢ ᠶᠢᠨ ᠦᠷ᠎ᠡ ᠶᠢ ᠬᠦᠷᠦᠰᠦᠨ ᠳᠤ ᠲᠠᠷᠢᠵᠤ ᠪᠠᠶᠢᠯ᠎ᠠ ᠃ ︽ ᠮᠠᠨ ᠤ ᠬᠢᠨ 120 ᠮᠦ ᠲᠠᠷᠢᠶᠠᠨ ᠭᠠᠵᠠᠷ ᠲᠠᠢ᠂ ᠡᠨᠡ ᠵᠢᠯ ᠪᠦᠬᠦᠨ ᠢ ᠪᠤᠭᠤᠳᠠᠢ ᠲᠠᠷᠢᠬᠤ ᠪᠠᠷ ᠲᠥᠯᠥᠪᠯᠡᠵᠦ ᠪᠠᠶᠢᠨ᠎ᠠ ︾᠃ ᠭᠤᠸᠠᠩ ᠮᠢᠩ ᠲᠤᠰᠬᠤᠨ ᠤ ᠲᠠᠷᠢᠮᠠᠯ ᠤᠨ ᠲᠣᠮᠣ ᠡᠷᠦᠬᠡ ᠶᠠᠩ ᠸᠧᠨ ᠬᠤᠸᠠ᠄ ︽ᠡᠨᠡ ᠵᠢᠯ ᠪᠢ ᠲᠤᠬᠠᠶ ᠶᠢᠨ ᠭᠠᠵᠠᠷ ᠤᠨ ᠳᠠᠭᠠᠭᠤᠯᠤᠭᠴᠢ ᠠᠵᠤ ᠠᠬᠤᠶᠢᠯᠠᠯ  ᠲᠠᠢ ᠵᠢᠩ ᠪᠦᠷᠢ ᠳᠡᠭᠡᠨ 1.8 ᠲᠦᠭᠦᠷᠢᠭ ᠤᠨ ᠦᠨ᠎ᠡ ᠪᠠᠷ ᠪᠣᠭᠤᠳᠠᠶ ᠳᠠᠷᠢᠬᠤ ᠵᠠᠬᠢᠶᠠᠯᠠᠭ᠎ᠠ ᠶᠢᠨ ᠬᠠᠭᠤᠳᠠᠰᠤ ᠲᠣᠭᠲᠠᠵᠤ᠂ ᠵᠠᠰᠠᠭ ᠤᠨ ᠣᠷᠳᠤᠨ ᠠᠴᠠ ᠦᠨ᠎ᠡ ᠲᠥᠯᠥᠪᠦᠷᠢ ᠥᠬᠡᠶ ᠪᠠᠷ ᠦᠷ᠎ᠡ ᠬᠠᠩᠭᠠᠵᠤ᠂ ᠪᠣᠭᠤᠳᠠᠶ ᠶᠢᠨ ᠳᠠᠷᠠᠭ᠎ᠠ ᠲᠠᠵᠢᠭᠡᠯ ᠤᠨ ᠪᠤᠷᠤᠭ ᠳᠠᠷᠢᠵᠤ᠂ ᠮᠥ ᠪᠦᠷᠢ ᠳᠤ 630 ᠲᠦᠭᠦᠷᠢᠭ ᠤᠨ ᠨᠥᠬᠦᠪᠥᠷᠢ ᠥᠭᠴᠦ᠂ ᠮᠥ ᠳᠤᠮᠳᠠᠴᠢ ᠶᠢᠨ ᠦᠷ᠎ᠡ ᠠᠰᠢᠭ ᠵᠢᠱᠢᠯᠲᠡ ᠪᠠᠷ 2000 ᠲᠦᠭᠦᠷᠢᠭ ᠠᠴᠠ ᠳᠡᠭᠡᠭᠰᠢ ᠳᠤ ᠬᠦᠷᠦᠨ᠎ᠡ︾ ᠬᠡᠵᠦ ᠶᠠᠷᠢᠨ᠎ᠠ᠃      ᠣᠶᠢᠯᠠᠭᠠᠭᠰᠠᠨ ᠢᠶᠠᠷ ᠂ ᠪᠠᠶᠠᠨᠨᠠᠭᠤᠷ ᠬᠤᠲᠠ ᠬᠠᠮᠢᠶ᠎ᠠ ᠪᠥᠬᠦᠶ ᠵᠣᠷᠢᠭᠵᠢᠭᠤᠯᠬᠤ ᠲᠦᠷᠦ ᠶᠢᠨ ᠪᠣᠳᠣᠯᠭ᠎ᠠ ᠨᠡᠶᠢᠲᠡᠯᠡᠵᠦ ᠂ ᠪᠣᠭᠤᠳᠠᠶ ᠶᠢᠨ ᠨᠦᠬᠦᠪᠦᠷᠢ ᠤᠤᠯ ᠤᠨ ᠮᠦ ᠪᠦᠷᠢ ᠶᠢᠨ 150 ᠲᠦᠭᠦᠷᠢᠭ ᠠᠴᠠ ᠤᠳᠤ ᠮᠦ ᠪᠦᠷᠢ ᠶᠢᠨ 200 — 300 ᠲᠥᠭᠦᠷᠢᠭ ᠪᠣᠯᠭᠠᠨ ᠨᠡᠮᠡᠭᠳᠡᠭᠦᠯᠵᠦ᠂ ᠪᠣᠭᠤᠳᠠᠶ ᠶᠢᠨ ᠳᠠᠷᠠᠭ᠎ᠠ ᠲᠠᠵᠢᠭᠡᠯ ᠤᠨ ᠪᠤᠷᠤᠭ ᠳᠠᠷᠢᠬᠤ ᠨᠦᠬᠦᠪᠦᠷᠢ ᠶᠢ ᠮᠦ ᠪᠦᠷᠢ ᠶᠢᠨ 100 ᠲᠥᠭᠦᠷᠢᠭ ᠪᠠᠶᠢᠭᠰᠠᠨ ᠠᠴᠠ ᠮᠦ ᠪᠦᠷᠢ ᠶᠢᠨ 300 ᠲᠥᠭᠦᠷᠢᠭ ᠪᠣᠯᠭᠠᠨ ᠨᠡᠮᠡᠭᠳᠡᠭᠦᠯᠪᠡ᠃ ᠡᠭᠦᠨ ᠤ ᠬᠠᠮᠲᠤ᠂ ᠳᠠᠭᠠᠭᠤᠯᠤᠭᠴᠢ ᠠᠵᠤ ᠠᠬᠤᠶᠢᠯᠠᠯ ᠂ ᠲᠤᠰᠬᠠᠢ ᠬᠤᠷᠰᠢᠶ᠎ᠠ᠂ ᠲᠠᠷᠢᠮᠠᠯ ᠤᠨ ᠲᠣᠮᠣ ᠡᠷᠦᠬᠡ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠡᠪᠴᠢᠶᠡᠵᠢᠭᠦᠯᠦᠨ ᠲᠠᠷᠢᠬᠤ ᠰᠠᠭᠤᠷᠢᠨ ᠪᠠᠶᠢᠭᠤᠯᠵᠦ ᠂ ᠪᠤᠭᠤᠳᠠᠶ ᠶᠢᠨ ᠳᠠᠷᠠᠭ᠎ᠠ ᠳᠠᠬᠢᠨ ᠲᠠᠷᠢᠬᠤ ᠮᠡᠷᠭᠡᠵᠢᠯ ᠢ ᠳᠡᠯᠭᠡᠷᠡᠭᠦᠯᠦᠨ᠂ ᠮᠦ ᠳᠤᠮᠳᠠᠴᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠤ ᠪᠤᠢ᠃ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠳᠤ ᠬᠡᠷᠡᠭᠯᠡᠭᠦᠯᠵᠦ᠂ ᠲᠠᠷᠢᠶᠠᠨ ᠭᠠᠵᠠᠷ ᠳᠤ ︽ᠠᠮᠤ ᠪᠤᠳᠠᠭᠠᠨ ᠤ ᠪᠤᠰᠤ ᠲᠠᠷᠢᠮᠠᠯ ᠲᠠᠷᠢᠬᠤ︾ ᠶᠢ ᠡᠷᠡᠰ ᠰᠡᠷᠭᠡᠶᠢᠯᠡᠨ ᠬᠢᠵᠠᠭᠠᠷᠯᠠᠵᠤ᠂ ᠡᠨᠡ ᠵᠢᠯ ᠤᠨ ᠪᠠᠶᠠᠨᠨᠠᠭᠤᠷ ᠬᠤᠲᠠ ᠶᠢᠨ ᠪᠣᠭᠤᠳᠠᠶ ᠳᠠᠷᠢᠬᠤ ᠲᠠᠯᠠᠪᠠᠶ ᠵᠢᠱᠢᠯᠲᠡ ᠪᠠᠷ 100 ᠲᠦᠮᠡᠨ ᠮᠥ ᠬᠦᠷᠲᠡᠯ᠎ᠡ ᠥᠷᠭᠡᠳᠴᠦ᠂ ᠨᠢᠳᠤᠨᠤᠨ ᠤ ᠬᠢ ᠠᠴᠠ 40 ᠲᠦᠮᠡᠨ ᠮᠥ ᠨᠡᠮᠡᠭᠳᠡᠭᠦ ᠪᠤᠯᠤᠨ᠎ᠠ᠃      ᠡᠨᠡ ᠵᠢᠯ᠂ ᠥᠪᠡᠷᠲᠡᠭᠡᠨ ᠵᠠᠰᠠᠬᠤ ᠣᠷᠣᠨ ᠲᠤᠨ ᠤ ᠬᠤᠷᠢᠶᠠᠯᠲᠠ ᠲᠠᠢ ᠠᠮᠤ ᠪᠤᠳᠠᠭᠠᠨ ᠤ ᠲᠠᠷᠢᠶ᠎ᠠ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ᠂ ᠰᠢᠷ᠎ᠠ ᠪᠣᠷᠴᠠᠭ ᠤᠨ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠨ᠂ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠤᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠪᠠᠷ ᠲᠥᠯᠥᠪᠯᠡᠵᠦ ᠪᠤᠢ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠭᠠᠵᠠᠷ ᠤᠨ ᠳᠡᠳ᠋ ᠳᠠᠷᠤᠭ᠎ᠠ ᠳ᠋ᠦᠩ ᠴᠢ ᠪᠢᠶᠤᠤ᠄ ︽ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠴᠢᠩᠭᠠᠳᠬᠠᠬᠤ ᠪᠠᠷ ᠳᠠᠮᠵᠢᠭᠤᠯᠤᠨ᠂ ᠪᠥᠬᠦ ᠣᠷᠣᠨ ᠤ ᠠᠮᠤ ᠪᠤᠳᠠᠭ᠎ᠠ ᠶᠢᠨ ᠲᠠᠷᠢᠮᠠᠯ ᠳᠠᠷᠢᠬᠤ ᠲᠠᠯᠠᠪᠠᠶ ᠶᠢ ᠳ᠋ᠦᠩᠰᠢᠭᠤᠷ ᠮᠦ ᠠᠴᠠ ᠳᠡᠭᠡᠭᠰᠢ ᠲᠣᠭᠲᠠᠪᠤᠷᠢᠵᠢᠭᠤᠯᠵᠤ᠂ ᠤᠨᠠᠯᠲᠠ ᠶᠢ 780 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ︾ ᠭᠡᠵᠦ ᠬᠡᠯᠡᠪᠡ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号