ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠣᠷᠳᠣᠰ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/9
      3 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠣᠷᠳᠣᠰ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃      ᠢ ᠲᠠᠢ ᠪᠧᠢ ᠮᠦ ᠲᠢᠶᠠᠨ ᠶᠤᠸᠠᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠭᠦᠸᠧ ᠵᠠᠨ ᠵᠢᠶᠠᠩ ᠠᠯᠠᠰᠢᠨ ᠦᠬᠡᠷ ᠲᠡᠵᠢᠭᠡᠨ ᠦᠷᠡᠵᠢᠭᠦᠯᠬᠦ ᠂ ᠬᠤᠸᠠᠷ ᠴᠡᠴᠡᠭ ᠲᠠᠷᠢᠬᠤ ᠂ ᠣᠷᠭᠠᠨᠢᠭ ᠪᠣᠷᠳᠣᠭᠤᠷ ᠤᠨ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ ᠪᠡᠯᠡ ᠮᠥᠩᠭᠦᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ ᠂ ᠵᠦᠷᠢᠶᠡᠳᠤ ᠂ ᠳᠡᠭᠡᠳᠦ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠵᠠᠮ ᠢᠶᠠᠷ ᠵᠠᠮᠨᠠᠵᠤ ᠂ ᠦᠬᠡᠷ ᠤᠨ  ᠠᠯᠠᠭ ᠮᠢᠬ᠎ᠠ ᠂ ᠡᠷᠪᠡᠬᠡᠢ ᠴᠠᠬᠢᠷᠮ᠎ᠠ ᠵᠡᠷᠭᠡ ᠥᠨᠳᠥᠷ ᠨᠡᠮᠡᠯᠲᠡ ᠦᠷᠳᠡᠭ ᠲᠠᠢ ᠠᠵᠤ ᠦᠢᠯᠡᠰ ᠢ ᠶᠡᠬᠡᠪᠡᠷ ᠬᠥᠭᠵᠢᠭᠦᠯᠵᠦ ᠂ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠣᠷᠳᠣᠰ ᠤᠨ ᠤᠳᠤ ᠦᠶ᠎ᠡ ᠶᠢᠨ ᠨᠤᠤᠯᠤᠭᠤᠷ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠭᠦᠸᠧ ᠵᠠᠨ ᠵᠢᠶᠠᠩ ᠨᠤᠤᠯᠤᠭᠤᠷ ᠤᠨ ᠪᠦᠬᠦ ᠬᠡᠯᠬᠢᠶ᠎ᠡ ᠶᠢᠨ ᠦᠢᠯᠡᠳᠪᠦᠷᠢᠯᠡᠯ ᠤᠨ ᠰᠢᠰᠲ᠋ᠧᠮᠵᠢ ᠶᠢ ᠲᠣᠭᠤᠷᠢᠨ ᠦᠵᠡᠵᠦ ᠂ ᠨᠤᠤᠯᠤᠭᠤᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ ᠃ ᠲᠡᠷᠡ᠂ ᠢᠮᠠᠭᠠᠨ ᠨᠤᠤᠯᠤᠭᠤᠷ ᠤᠨ ᠠᠵᠤ ᠦᠢᠯᠡᠰ ᠤᠨ ᠲᠥᠷᠥᠯ ᠵᠦᠢᠯ᠂ ᠶᠠᠰᠤ ᠴᠢᠨᠠᠷ᠂ ᠨᠠᠷᠠᠲᠤ ᠲᠡᠮᠳᠡᠭᠲᠦ ᠶᠢᠨ ᠲᠣᠭᠤᠷᠢᠨ ᠳᠤ ᠠᠷᠪᠠᠰ ᠤᠨ ᠨᠤᠤᠯᠤᠭᠤᠷ ᠤᠨ ᠢᠮᠠᠭᠠᠨ ᠤ ᠡᠭᠦᠯᠳᠡᠷ ᠤᠨ ᠢᠷᠡᠯᠲᠡ ᠶᠢ ᠬᠠᠮᠠᠭᠠᠯᠠᠨ ᠪᠣᠶᠢᠵᠢᠭᠤᠯᠬᠤ ᠠᠵᠢᠯ ᠢ ᠰᠠᠶᠢᠲᠤᠷ ᠬᠢᠵᠦ᠂ ᠳᠡᠯᠡᠬᠡᠢ ᠶᠢᠨ ᠲᠠᠰ ᠤᠨ ᠢᠮᠠᠭᠠᠨ ᠨᠤᠤᠯᠤᠭᠤᠷ ᠤᠨ ᠠᠷᠠᠯᠵᠢᠶᠠᠨ ᠤ ᠲᠥᠪ ᠢ ᠪᠣᠶ ᠪᠣᠯᠭᠠᠵᠤ᠂ ᠠᠵᠢᠯ ᠲᠥᠷᠥᠯ ᠤᠨ ᠦᠭᠡ ᠬᠡᠯᠡᠬᠦ ᠡᠷᠬᠡ ᠶᠢ ᠳᠡᠭᠡᠭᠰᠢᠯᠡᠭᠦᠯᠦᠨ᠂ ᠢᠮᠠᠭᠠᠨ ᠨᠤᠤᠯᠤᠭᠤᠷ ᠤᠨ ᠪᠦᠲᠦᠭᠡᠭᠳᠡᠬᠦᠨ ᠤ ᠴᠢᠨᠠᠷ ᠰᠠᠶᠢᠲᠠᠢ ᠪᠥᠭᠡᠳ ᠦᠨ᠎ᠡ ᠰᠠᠶᠢᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠵᠢᠭᠠᠵᠤᠭᠠᠷᠭᠠᠪᠠ ᠃      ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠤᠳᠤ ᠦᠶ᠎ᠡ ᠶᠢᠨ ᠲᠠᠷᠢᠶᠠᠯᠠᠩ ᠤᠨ ᠳᠠᠯᠠᠳ ᠬᠤᠰᠢᠭᠤᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠲᠤ ᠬᠦᠷᠴᠦ᠂ ᠭᠦᠸᠧ ᠵᠠᠨ ᠵᠢᠶᠠᠩ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠦᠨ᠎ᠡ ᠬᠠᠩᠰᠢ ᠂ ᠦᠷ᠎ᠡ ᠠᠰᠢᠭ ᠂ ᠬᠡᠪᠴᠢᠶ᠎ᠡ ᠵᠡᠷᠭᠡ ᠪᠠᠶᠢᠳᠠᠯ ᠢ ᠯᠠᠪᠯᠠᠨ ᠠᠰᠠᠭᠤᠪᠠ ᠃ ᠲᠡᠷᠡ᠂ ᠰᠢᠶᠠᠨ ᠤ ᠬᠡᠪᠴᠢᠶ᠎ᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠨᠢᠭᠡ ᠲᠣᠰᠬᠤᠨ ᠨᠢᠭᠡ ᠲᠠᠷᠢᠶ᠎ᠠ ︾ ᠶᠢ ᠪᠡᠶᠡᠯᠡᠭᠦᠯᠬᠦ ᠬᠡᠷᠡᠭᠲᠡᠢ᠃ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠣᠶᠢᠵᠢᠭᠤᠯᠤᠯᠲᠠ ᠶᠢ ᠴᠢᠩᠭᠠᠳᠬᠠᠵᠤ ᠂ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠥᠷᠭᠡᠳᠬᠡᠨ ᠂ ᠦᠨᠳᠦᠰᠦᠨ ᠲᠠᠷᠢᠶᠠᠨ ᠭᠠᠵᠠᠷ ᠢ ᠪᠦᠷᠢᠨ ᠲᠥᠬᠦᠷᠵᠢᠭᠦᠯᠬᠦ ᠂ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠷᠢᠨ ᠪᠦᠷᠬᠦᠭᠦᠯᠬᠦ ᠶᠢ ᠴᠢᠷᠮᠠᠶᠢᠨ ᠪᠡᠶᠡᠯᠡᠭᠦᠯᠵᠦ ᠂ ᠵᠢᠵᠢᠭ ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠵᠤ ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠯᠢᠶᠠᠩ ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠭᠦᠸᠧ ᠵᠠᠨ ᠵᠢᠶᠠᠩ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠪᠠᠶᠢᠳᠠᠯ ᠢ ᠰᠣᠨᠣᠰᠴᠠᠢ ᠃ ᠲᠡᠷᠡ ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠬᠠᠢ ᠶᠢᠨ ᠲᠠᠯᠠᠪᠠᠢ ᠶᠢᠨ ᠬᠤᠷᠠᠯ ᠤᠨ ᠪᠡᠯᠡᠳᠬᠡᠯ ᠠᠵᠢᠯ ᠢ ᠰᠠᠶᠢᠲᠤᠷ ᠬᠢᠵᠦ ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ ᠂ ᠵᠠᠬ᠎ᠠ ᠲᠡᠯᠭᠡᠭᠦᠷᠴᠢᠯᠡᠨ ᠠᠵᠢᠯᠯᠠᠭᠤᠯᠤᠭᠰᠠᠨ ᠂ ᠮᠠᠯ ᠠᠵᠤ ᠠᠬᠤᠢ ᠶᠢᠨ ᠬᠠᠮᠠᠭᠠᠯᠠᠯᠲᠠ ᠶᠢ ᠬᠤᠯᠪᠣᠯᠳᠤᠭᠤᠯᠤᠭᠰᠠᠨ ᠂ ᠪᠢᠲᠡᠭᠦᠦ ᠴᠠᠭᠠᠷᠢᠭ ᠢᠶᠠᠷ ᠬᠠᠮᠢᠶᠠᠷᠤᠭᠰᠠᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠰᠢᠢᠳᠪᠦᠷᠢᠯᠡᠬᠦ ᠵᠠᠭᠪᠤᠷ ᠢ ᠳ᠋ᠦᠩᠨᠡᠨ ᠳᠡᠯᠭᠡᠷᠡᠭᠦᠯᠵᠦ ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠰᠢᠢᠳᠪᠦᠷᠢᠯᠡᠬᠦ ᠳᠤ ᠬᠤᠣᠷ ᠦᠭᠡᠶᠢᠵᠢᠬᠦᠯᠬᠦ ᠂ ᠡᠬᠢ ᠪᠠᠶᠠᠯᠢᠭᠵᠢᠭᠤᠯᠬᠤ ᠂ ᠵᠠᠬ᠎ᠠ ᠳᠡᠯᠭᠡᠭᠦᠷᠴᠢᠯᠡᠬᠦ ᠂ ᠮᠡᠳᠡᠭᠡ ᠵᠠᠩᠭᠢᠵᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃      ᠭᠦᠸᠧ ᠵᠠᠨ ᠵᠢᠶᠠᠩ ᠨᠠᠷ ᠪᠠᠰᠠ ᠰᠠᠭᠠᠯᠢ ᠶᠢᠨ ᠦᠨᠢᠶ᠎ᠡ ᠶᠢᠨ ᠡᠭᠦᠯᠳᠡᠷ ᠢ ᠪᠣᠶᠢᠵᠢᠭᠤᠯᠤᠯᠲᠠ ᠂ ᠡᠷᠳᠡᠨᠢ ᠰᠢᠰᠢ ᠶᠢᠨ ᠡᠭᠦᠯᠳᠡᠷ ᠪᠣᠶᠢᠵᠢᠭᠤᠯᠤᠯᠲᠠ ᠶᠢ ᠰᠤᠳᠤᠯᠤᠨ ᠨᠡᠭᠡᠭᠡᠭᠰᠡᠨ ᠪᠠᠶᠢᠳᠠᠯ ᠢ ᠰᠢᠨᠵᠢᠯᠡᠨ ᠪᠠᠶᠢᠴᠠᠭᠠᠵᠤ ᠂ ᠡᠷᠳᠡᠨᠢ ᠰᠢᠰᠢ ᠶᠢᠨ ᠦᠢᠯᠡᠳᠪᠦᠷᠢᠯᠡᠯ ᠤᠨ ᠬᠤᠯᠪᠣᠭᠠᠲᠤ ᠴᠣᠭᠴᠠ ᠂ ︽ ᠨᠢᠭᠡᠳᠦᠯᠲᠡᠢ ᠲᠠᠷᠢᠵᠤ ᠬᠠᠮᠲᠤᠪᠠᠷ ᠪᠠᠶᠠᠵᠢᠭᠤᠯᠬᠤ ︾ ᠭᠠᠵᠠᠷ ᠰᠢᠷᠣᠢ ᠶᠢᠨ ᠬᠤᠷᠰᠢᠨ ᠡᠵᠡᠩᠨᠡᠬᠦ ᠵᠠᠭᠪᠤᠷ ᠢ ᠲᠤᠬᠠᠢ ᠶᠢᠨ ᠭᠠᠵᠠᠷ ᠲᠤ  ᠨᠢ ᠪᠠᠶᠢᠴᠠᠭᠠᠨ ᠦᠵᠡᠪᠡ ᠃      ᠣᠷᠳᠣᠰ ᠬᠤᠳᠠ ᠶᠢᠨ ᠨᠠᠮ ᠤᠨ ᠬᠤᠷᠢᠶ᠎ᠠ ᠂ ᠣᠷᠳᠣᠰ ᠬᠤᠳᠠ ᠶᠢᠨ ᠵᠠᠰᠠᠭ ᠤᠨ ᠣᠷᠳᠣᠨ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号