ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠲᠠᠷᠢᠮᠠᠯ ᠤᠨ ᠭᠠᠵᠠᠷ ᠠᠵᠢᠯᠲᠠᠨ ᠲᠣᠮᠢᠯᠠᠨ ᠪᠥᠬᠦ ᠤᠯᠤᠰ ᠤᠨ ᠢᠳᠡᠰᠢᠨ ᠨᠣᠭᠤᠭᠠᠨ ᠤ ᠦᠢᠯᠡᠳᠪᠦᠷᠢᠯᠡᠯ ᠤᠨ ᠮᠡᠳᠡᠭᠡ ᠵᠠᠩᠭᠢᠴᠢ  ᠶᠢᠨ ᠪᠤᠯᠪᠠᠰᠤᠷᠠᠯ ᠤᠨ ᠠᠩᠭᠢ ᠳᠤ ᠤᠷᠤᠯᠴᠠᠭᠤᠯᠪᠠ
ᠨᠡᠶᠢᠲᠡᠯᠡᠭᠰᠡᠨ ᠴᠠᠭ᠄
2023/4/11
      4 ᠰᠠᠷ᠎ᠠ ᠶᠢᠨ 9 — 11 ᠤ ᠡᠳᠦᠷ ᠪᠣᠯᠲᠠᠯ᠎ᠠ᠂ ᠮᠠᠨ ᠤ ᠣᠷᠣᠨ ᠤ ᠢᠳᠡᠰᠢᠨ ᠨᠣᠭᠤᠭᠠᠨ ᠤ ᠦᠢᠯᠡᠳᠪᠦᠷᠢᠯᠡᠯ ᠤᠨ ᠪᠠᠶᠢᠳᠠᠯ ᠢ ᠴᠠᠭ ᠲᠤᠬᠠᠢ ᠳᠤ ᠨᠢ ᠣᠨᠣᠪᠴᠢᠲᠠᠶ ᠡᠵᠡᠮᠰᠢᠵᠦ᠂ ᠢᠳᠡᠰᠢᠨ  ᠨᠣᠭᠤᠭᠠᠨ ᠤ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠬᠢᠨᠠᠨ ᠬᠡᠮᠵᠢᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ᠂ ︽ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠴᠡᠴᠡᠭ ᠡᠪᠡᠰᠦᠨ ᠤ ᠰᠤᠳᠤᠯᠭᠠᠨ ᠤ ᠭᠠᠵᠠᠷ ᠤᠨ ᠢᠳᠡᠰᠢᠨ ᠨᠣᠭᠤᠭᠠᠨ ᠤ ᠮᠡᠳᠡᠭᠡ ᠵᠠᠩᠭᠢᠴᠢ ᠶᠢᠨ ᠪᠤᠯᠪᠠᠰᠤᠷᠠᠯ ᠤᠨ ᠠᠩᠭᠢ ᠡᠷᠭᠢᠯᠡᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠵᠢᠴᠢ ᠲᠥᠪ ᠤᠨ ᠤᠳᠤᠷᠢᠳᠤᠯᠭ᠎ᠠ ᠶᠢᠨ ᠴᠤᠬᠤᠯᠪᠤᠷᠢ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ ᠠᠴᠠ ᠸᠧᠢ ᠨᠠ᠂ ᠳ᠋ᠧᠩ ᠬᠠᠢ ᠹᠧᠩ ᠢ ᠲᠣᠰ ᠤᠳᠠᠭᠠᠨ ᠤ ᠪᠤᠯᠪᠠᠰᠤᠷᠠᠯ ᠳᠤ ᠣᠷᠣᠯᠴᠠᠭᠤᠯᠬᠤ ᠪᠠᠷ ᠲᠣᠮᠢᠯᠠᠪᠠ᠃
图片1.png
       ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠴᠡᠴᠡᠭ ᠬᠤᠸᠠᠷ ᠰᠤᠳᠤᠯᠬᠤ ᠭᠠᠵᠠᠷ ᠤᠨ ᠳᠠᠷᠤᠭ᠎ᠠ ᠵᠠᠩ  ᠶᠢᠦ ᠵᠢᠶᠦ᠋ᠨ ᠰᠤᠳᠤᠯᠤᠭᠴᠢ᠂ ᠳᠤᠮᠳᠠᠳᠤ ᠤᠯᠤᠰ ᠤᠨ ᠢᠳᠡᠰᠢᠨ ᠨᠣᠭᠤᠭᠠᠨ ᠤ ᠨᠡᠶᠢᠭᠡᠮᠯᠢᠭ ᠤᠨ ᠳᠠᠷᠤᠭ᠎ᠠ ᠶᠠᠩ   ᠰᠢᠶᠦᠩ ᠨᠢᠶᠠᠨ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠠᠵᠤ ᠠᠬᠤᠢ ᠶᠢᠨ ᠠᠵᠢᠯᠯᠠᠬᠤ ᠭᠠᠵᠠᠷ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ ᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠰᠥᠩ ᠸᠧᠢ ᠲᠠᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠳᠠᠯᠪᠢᠨ᠂ ᠲᠤᠰ ᠤᠳᠠᠭᠠᠨ ᠤ ᠪᠣᠯᠪᠠᠰᠤᠷᠠᠯ ᠤᠨ ᠠᠩᠭᠢ  ᠶᠢᠨ ᠴᠢᠬᠤᠯᠠ ᠴᠢᠨᠠᠷ ᠪᠠ ᠪᠣᠳᠠᠲᠤ ᠠᠴᠢ ᠬᠤᠯᠪᠣᠭᠳᠠᠯ  ᠢ ᠠᠳᠠᠯᠢ ᠪᠤᠰᠤ ᠲᠠᠯ᠎ᠠ   ᠠᠴᠠ ᠲᠣᠳᠣᠷᠬᠠᠶᠢᠯᠠᠵᠠᠢ᠃ ᠪᠤᠯᠪᠠᠰᠤᠷᠠᠯ ᠳᠤ ᠣᠷᠣᠯᠴᠠᠭᠰᠠᠳ ᠤᠨ ᠲᠣᠰ ᠤᠳᠠᠭᠠᠨ ᠤ ᠪᠤᠯᠪᠠᠰᠤᠷᠠᠯ ᠲᠠᠢ ᠤᠶᠠᠯᠳᠤᠭᠤᠯᠤᠨ᠂ ᠡᠯ᠎ᠡ ᠮᠤᠵᠢ ᠶᠢᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠢᠳᠡᠰᠢᠨ   ᠨᠣᠭᠤᠭᠠᠨ ᠤ ᠦᠢᠯᠡᠳᠪᠦᠷᠢᠯᠡᠯ ᠤᠨ ᠮᠡᠳᠡᠭᠡ ᠵᠠᠩᠭᠢ ᠶᠢ ᠬᠢᠨᠠᠨ ᠬᠡᠮᠵᠢᠬᠦ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠪᠠ ᠠᠷᠭ᠎ᠠ ᠪᠠᠷᠢᠯ ᠢ ᠥᠷᠭᠡᠨ ᠢᠶᠠᠷ ᠰᠣᠯᠢᠯᠴᠠᠵᠤ᠂ ᠵᠠᠷᠢᠮ ᠦᠢᠯᠡᠳᠪᠦᠷᠢᠯᠡᠯ ᠤᠨ ᠮᠡᠳᠡᠭᠡ ᠵᠠᠩᠭᠢ ᠶᠢ ᠴᠤᠭᠯᠠᠭᠤᠯᠵᠤ ᠮᠡᠳᠡᠭᠦᠯᠦᠨ ᠬᠦᠷᠭᠡᠬᠦ ᠠᠵᠢᠯ ᠤᠨ ᠳᠤᠮᠳᠠᠬᠢ ᠠᠰᠠᠭᠤᠳᠠᠯ ᠪᠠ ᠬᠦᠴᠢᠷᠳᠡᠯ ᠢ ᠴᠢᠷᠮᠠᠶᠢᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠨᠠᠩ ᠰᠠᠶᠢᠨ ᠥᠷᠨᠢᠭᠦᠯᠬᠦ ᠳᠤ ᠴᠢᠳᠠᠪᠤᠷᠢᠲᠠᠨ ᠤ ᠪᠠᠲᠤᠯᠠᠭ᠎ᠠ ᠪᠠ ᠮᠡᠷᠭᠡᠵᠢᠯ ᠤᠨ ᠪᠠᠲᠤᠯᠠᠭ᠎ᠠ ᠶᠢ ᠰᠠᠶᠢᠲᠤᠷ ᠬᠢᠬᠦ ᠶᠢ ᠵᠣᠷᠢᠭᠵᠢᠭᠤᠯᠪᠠ᠃      10 ᠤ ᠡᠳᠦᠷ ᠤᠨ ᠦᠳᠡ ᠶᠢᠨ ᠡᠮᠦᠨ᠎ᠡ᠂ ᠰᠤᠳᠤᠯᠤᠭᠴᠢ ᠵᠠᠩ ᠶᠢᠦ ᠵᠢᠶᠦ᠋ᠨ ︽ ᠲᠦᠬᠦᠭᠡᠷᠦᠮᠵᠢᠲᠦ ᠢᠳᠡᠰᠢᠨ ᠨᠣᠭᠤᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ︾ ᠭᠡᠬᠦ ᠭᠤᠣᠯ ᠰᠡᠳᠦᠪᠲᠦ ᠮᠡᠳᠡᠭᠦᠯᠦᠯᠲᠡ ᠬᠢᠵᠦ᠂ ᠣᠳᠣᠬᠠᠨ ᠤ ᠮᠠᠨ ᠤ ᠤᠯᠤᠰ ᠤᠨ ᠲᠦᠬᠦᠭᠡᠷᠦᠮᠵᠢᠲᠦ ᠢᠳᠡᠰᠢᠨ ᠨᠣᠭᠤᠭᠠᠨ ᠤ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠳᠠᠯᠳᠠ ᠬᠦᠴᠦᠨ ᠢ ᠨᠠᠷᠢᠨ ᠲᠠᠨᠢᠯᠴᠠᠭᠤᠯᠪᠠ᠃ ᠫᠷᠤᠹᠧᠰᠰᠤᠷ ᠰᠥᠩ ᠸᠧᠢ ᠲᠠᠩ ︽ᠲᠥᠬᠦᠭᠡᠷᠦᠮᠵᠢᠲᠦ ᠢᠳᠡᠰᠢᠨ ᠨᠣᠭᠤᠭᠠᠨ ᠤ ᠮᠠᠰᠢᠨᠴᠢᠯᠠᠯᠲᠠ ᠶᠢᠨ ᠬᠢᠷᠢ ᠲᠦᠪᠰᠢᠨ ᠢ ᠬᠡᠷᠬᠢᠨ ᠳᠡᠭᠡᠭᠰᠢᠯᠡᠭᠦᠯᠬᠦ ᠲᠤᠬᠠᠢ ᠪᠣᠳᠣᠯᠬᠢᠯᠠᠯ︾ ᠭᠡᠬᠦ ᠭᠤᠣᠯ ᠰᠡᠳᠦᠪᠲᠦ ᠮᠡᠳᠡᠭᠦᠯᠦᠯᠲᠡ ᠬᠢᠵᠦ᠂ ᠮᠠᠨ ᠤ ᠤᠯᠤᠰ ᠤᠨ ᠲᠥᠬᠦᠭᠡᠷᠦᠮᠵᠢᠲᠦ ᠢᠳᠡᠰᠢᠨ ᠨᠣᠭᠤᠭᠠᠨ ᠤ ᠮᠠᠰᠢᠨᠴᠢᠯᠠᠯᠲᠠ ᠶᠢᠨ ᠬᠢᠷᠢ ᠲᠦᠪᠰᠢᠨ ᠢ ᠬᠡᠷᠬᠢᠨ ᠳᠡᠭᠡᠭᠰᠢᠯᠡᠭᠦᠯᠬᠦ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ᠂ ᠨᠠᠷᠢᠨ ᠨᠢᠮᠪᠠᠢ ᠲᠠᠨᠢᠯᠴᠠᠭᠤᠯᠵᠠᠢ᠃10 ᠤ ᠡᠳᠦᠷ ᠤᠨ ᠦᠳᠡ  ᠶᠢᠨ ᠬᠤᠶᠢᠨ᠎ᠠ ᠂ ᠪᠣᠯᠪᠠᠰᠤᠷᠠᠯ ᠤᠨ ᠠᠩᠭᠢ ᠢᠳᠡᠰᠢᠨ ᠨᠣᠭᠤᠭᠠᠨ ᠤ ᠦᠢᠯᠡᠳᠪᠦᠷᠢᠯᠡᠯ ᠤᠨ ᠮᠡᠳᠡᠭᠡ ᠵᠠᠩᠭᠢ  ᠶᠢᠨ ᠬᠢᠨᠠᠨ ᠬᠡᠮᠵᠢᠯᠲᠡ ᠵᠢᠴᠢ ᠳᠤᠮᠳᠠᠳᠤ ᠤᠯᠤᠰ ᠤᠨ ᠢᠳᠡᠰᠢᠨ  ᠨᠣᠭᠤᠭᠠᠨ ᠤ ᠨᠡᠶᠢᠭᠡᠮᠯᠢᠭ ᠤᠨ ᠦᠨ᠎ᠡ ᠬᠠᠩᠰᠢ  ᠶᠢᠨ ᠬᠢᠨᠠᠨ ᠬᠡᠮᠵᠢᠯᠲᠡ ᠳᠤ ᠴᠢᠭᠯᠡᠭᠦᠯᠦᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠬᠢᠵᠦ ᠠᠰᠠᠭᠤᠳᠠᠯ ᠢ ᠬᠠᠷᠢᠭᠤᠯᠪᠠ᠃ ᠬᠤᠷᠠᠯ ᠤᠨ ᠡᠴᠦᠰ ᠲᠤ᠂ ᠠᠨᠾᠦ᠋ᠢ᠂ ᠾᠧᠨᠠᠨ᠂ ᠭᠦᠢᠵᠧᠦ᠂ ᠶᠦᠨᠨᠠᠨ᠂ ᠭᠠᠨᠰᠤ ᠵᠡᠷᠭᠡ 5 ᠮᠤᠵᠢ ᠲᠣᠰ ᠲᠣᠰ ᠡᠯ᠎ᠡ ᠮᠤᠵᠢ ᠶᠢᠨ ᠢᠳᠡᠰᠢᠨ ᠨᠣᠭᠤᠭᠠᠨ ᠤ ᠮᠡᠳᠡᠭᠡ ᠵᠠᠩᠭᠢ ᠶᠢᠨ ᠬᠢᠨᠠᠨ ᠬᠡᠮᠵᠢᠯᠲᠡ ᠶᠢᠨ ᠪᠠᠶᠢᠳᠠᠯ ᠤᠨ ᠲᠤᠬᠠᠢ ᠲᠤᠷᠰᠢᠯᠭ᠎ᠠ ᠪᠠᠨ ᠬᠤᠪᠢᠶᠠᠯᠴᠠᠨ ᠰᠣᠯᠢᠯᠴᠠᠪᠠ᠃
 图片2.png
      ᠲᠣᠰ ᠤᠳᠠᠭᠠᠨ ᠤ ᠲᠤᠰᠬᠠᠢ ᠰᠡᠳᠦᠪᠲᠦ ᠪᠤᠯᠪᠠᠰᠤᠷᠠᠯ ᠢᠶᠠᠷ ᠳᠡᠮᠵᠢᠨ ᠂ ᠪᠤᠯᠪᠠᠰᠤᠷᠠᠯ ᠳᠤ ᠣᠷᠣᠯᠴᠠᠭᠰᠠᠳ ᠮᠠᠨ ᠤ ᠤᠯᠤᠰ ᠤᠨ ᠲᠦᠬᠦᠭᠡᠷᠦᠮᠵᠢᠲᠦ ᠢᠳᠡᠰᠢᠨ ᠨᠣᠭᠤᠭᠠᠨ ᠤ ᠠᠵᠤ ᠦᠢᠯᠡᠰ ᠤᠨ ᠬᠥᠭᠵᠢᠯᠲᠡ᠂ ᠮᠠᠰᠢᠨᠴᠢᠯᠠᠯᠲᠠ ᠶᠢᠨ ᠬᠢᠷᠢ ᠲᠦᠪᠰᠢᠨ ᠤ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠣᠶᠢᠯᠠᠭᠠᠪᠠ᠃ ᠡᠭᠦᠨ ᠤ ᠬᠠᠮᠲᠤ᠂ ᠪᠥᠬᠦ ᠤᠯᠤᠰ ᠤᠨ ᠢᠳᠡᠰᠢᠨ ᠨᠣᠭᠤᠭᠠᠨ ᠤ ᠦᠢᠯᠡᠳᠪᠦᠷᠢᠯᠡᠯ ᠤᠨ ᠮᠡᠳᠡᠭᠡ ᠵᠠᠩᠭᠢ ᠶᠢ ᠬᠢᠨᠠᠨ ᠬᠡᠮᠵᠢᠬᠦ ᠰᠢᠰᠲ᠋ᠧᠮ ᠤᠨ ᠠᠵᠢᠯᠯᠠᠭᠠᠨ ᠤ ᠶᠠᠪᠤᠴᠠ ᠵᠢᠴᠢ ᠵᠠᠩᠭᠢᠯᠠᠭ᠎ᠠ ᠶᠢᠨ ᠭᠤᠭᠴᠤᠭ᠎ᠠ ᠶᠢ ᠤᠯᠠᠮ ᠨᠢᠭᠡ ᠠᠯᠬᠤᠮ ᠡᠵᠡᠮᠰᠢᠵᠦ᠂ ᠮᠠᠨ ᠤ ᠣᠷᠣᠨ ᠤ ᠢᠳᠡᠰᠢᠨ  ᠨᠣᠭᠤᠭᠠᠨ ᠤ ᠬᠥᠭᠵᠢᠯᠲᠡ ᠶᠢᠨ ᠴᠢᠭᠯᠡᠯ ᠪᠠ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠬᠤ ᠳᠤ ᠪᠦᠲᠦᠮᠵᠢᠲᠡᠶ ᠠᠷᠭ᠎ᠠ ᠵᠠᠮ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ  ᠬᠢᠨ ᠠᠵᠢᠯ ᠤᠨ ᠪᠣᠳᠠᠲᠠᠢ ᠳᠤ ᠪᠠᠨ ᠰᠠᠭᠤᠷᠢᠯᠠᠨ᠂ ᠰᠣᠷᠣᠭᠰᠠᠨ ᠢᠶᠠᠨ ᠬᠡᠷᠡᠭᠯᠡᠵᠦ᠂ ᠢᠳᠡᠰᠢᠨ ᠨᠣᠭᠤᠭᠠᠨ ᠤ ᠦᠢᠯᠡᠳᠪᠦᠷᠢᠯᠡᠯ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ᠂ ᠣᠨᠣᠪᠴᠢᠲᠠᠶ᠂ ᠪᠥᠬᠦ ᠲᠠᠯ᠎ᠠ ᠪᠠᠷ ᠴᠤᠭᠯᠠᠭᠤᠯᠵᠤ᠂ ᠡᠮᠬᠢᠯᠡᠵᠦ᠂ ᠵᠠᠳᠠᠯᠵᠤ᠂ ᠨᠡᠶᠢᠲᠡᠯᠡᠬᠦ ᠪᠠ ᠮᠡᠳᠡᠭᠦᠯᠦᠨ ᠬᠦᠷᠭᠡᠵᠦ᠂ ᠮᠠᠨ ᠤ ᠣᠷᠣᠨ ᠤ ︽ᠢᠳᠡᠰᠢᠨ ᠨᠣᠭᠤᠭ᠎ᠠ︾ ᠶᠢᠨ ᠢᠨᠵᠧᠨᠧᠷᠢᠩ ᠢ ᠪᠥᠬᠦ ᠲᠠᠯ᠎ᠠ ᠪᠠᠷ ᠰᠠᠶᠢᠲᠤᠷ ᠬᠢᠬᠦ ᠪᠠ ᠢᠳᠡᠰᠢᠨ ᠨᠣᠭᠤᠭᠠᠨ ᠤ  ᠦᠢᠯᠡᠳᠪᠦᠷᠢᠯᠡᠯ ᠤᠨ ᠪᠠᠶᠢᠳᠠᠯ ᠢ ᠡᠵᠡᠮᠰᠢᠬᠦ ᠳᠤ ᠬᠦᠴᠦᠲᠡᠢ ᠪᠠᠲᠤᠯᠠᠭ᠎ᠠ ᠬᠠᠩᠭᠠᠬᠤ ᠪᠤᠯᠤᠨ᠎ᠠ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号