ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠬᠢᠭᠡᠳ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ ᠤᠨ ᠭᠠᠵᠠᠷ ᠬᠠᠮᠲᠤᠷᠠᠨ ᠮᠠᠯ ᠵᠢᠭᠦᠷᠲᠡᠨ ᠤ ᠦᠷ᠎ᠡ ᠶᠢᠨ ᠶᠠᠰᠤ ᠴᠢᠨᠠᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/4/12
      ᠦᠷ᠎ᠡ ᠶᠢᠨ ᠦᠢᠯᠡᠰ ᠤᠨ ᠬᠦᠭᠵᠢᠨ ᠮᠠᠨᠳᠤᠯᠲᠠ ᠶᠢᠨ ᠠᠵᠢᠯᠯᠠᠭ᠎ᠠ ᠶᠢᠨ ᠲᠥᠰᠥᠯ ᠢ ᠪᠦᠬᠦ ᠲᠠᠯ᠎ᠠ  ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠮᠠᠯ ᠵᠢᠭᠦᠷᠲᠡᠨ ᠤ ᠦᠷ᠎ᠡ ᠶᠢᠨ  ᠶᠠᠰᠤ ᠴᠢᠨᠠᠷ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠠᠵᠢᠯ ᠢ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠬᠢᠭᠡᠳ ᠥᠪᠥᠷ ᠮᠣᠩᠭᠤᠯ ᠤᠨ ᠰᠠᠢ ᠺᠧ ᠰᠢᠩ ᠰᠤᠳᠤᠯᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠰᠤᠳᠤᠯᠭᠠᠨ ᠤ ᠪᠦᠯᠬᠦᠮ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠯᠠᠰᠢᠨ ᠬᠤᠨᠢᠨ ᠤ ᠤᠳᠤᠮᠯᠠᠯ ᠤᠨ ᠡᠭᠦᠯᠳᠡᠷ ᠪᠣᠶᠢᠵᠢᠭᠤᠯᠬᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠡᠷᠭᠡᠵᠢᠯ ᠤᠨ ᠲᠤᠯᠭᠠᠭᠤᠷᠢᠯᠠᠯ ᠢᠶᠠᠨ ᠴᠢᠩᠭᠠᠳᠬᠠᠬᠤ ᠶᠢᠨ ᠲᠦᠯᠦᠭᠡ᠂ ᠣᠶᠢᠷ᠎ᠠ ᠳᠤ ᠭᠡᠷ ᠤᠨ ᠲᠡᠵᠢᠭᠡᠪᠦᠷᠢ ᠶᠢᠨ ᠡᠭᠦᠯᠳᠡᠷ ᠤᠨ ᠰᠢᠰᠲ᠋ᠧᠮ ᠤᠨ ᠭᠧᠨ ᠢ ᠰᠢᠯᠭᠠᠨ ᠪᠠᠶᠢᠴᠠᠭᠠᠬᠤ᠂ ᠠᠯᠠᠰᠢᠨ ᠬᠤᠨᠢᠨ ᠤ ᠡᠭᠦᠯᠳᠡᠷ  ᠲᠤ ᠮᠣᠯᠧᠺᠦ᠋ᠯ ᠤᠨ ᠲᠡᠮᠳᠡᠭ ᠲᠠᠯᠪᠢᠬᠤ᠂ ᠤᠳᠤᠮᠯᠠᠯ ᠤᠨ ᠮᠠᠲ᠋ᠧᠷᠢᠶᠠᠯ ᠦᠶᠯᠡᠳᠬᠦ ᠵᠡᠷᠭᠡ ᠠᠵᠢᠯ ᠢ ᠬᠠᠮᠲᠤᠷᠠᠨ ᠥᠷᠨᠢᠭᠦᠯᠪᠡ᠃      ᠨᠢᠭᠡ᠂ ᠭᠡᠷ ᠤᠨ ᠲᠡᠵᠢᠭᠡᠪᠦᠷᠢ ᠶᠢᠨ ᠡᠭᠦᠯᠳᠡᠷ ᠤᠨ ᠰᠢᠰᠲ᠋ᠧᠮ ᠤᠨ ᠭᠧᠨ ᠤ ᠰᠢᠯᠭᠠᠨ ᠪᠠᠶᠢᠴᠠᠭᠠᠯᠲᠠ      ᠥᠪᠥᠷ ᠮᠣᠩᠭᠤᠯ ᠤᠨ ᠰᠠᠢ ᠺᠧ ᠰᠢᠩ ᠰᠤᠳᠤᠯᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠰᠤᠳᠤᠯᠭᠠᠨ ᠤ ᠪᠦᠯᠬᠦᠮ ᠲᠠᠢ ᠬᠠᠮᠲᠤᠷᠠᠨ ᠰᠢᠯᠢ ᠶᠢᠨ ᠭᠤᠣᠯ ᠠᠶᠢᠮᠠᠭ ᠤᠨ ᠰᠥᠨᠢᠳ ᠵᠡᠭᠦᠨ ᠬᠤᠰᠢᠭᠤ᠂ ᠠᠪᠠᠭ᠎ᠠ ᠬᠤᠰᠢᠭᠤ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠰᠢᠯᠤᠭᠤᠨ ᠬᠥᠬᠡ   ᠬᠤᠰᠢᠭᠤᠨ ᠳᠤ ᠬᠦᠷᠴᠦ ᠰᠥᠨᠢᠳ ᠬᠤᠨᠢ᠂ ᠮᠣᠩᠭᠤᠯ ᠦᠬᠡᠷ᠂ ᠠᠪᠠᠭ᠎ᠠ ᠬᠠᠷ᠎ᠠ ᠠᠳᠤᠭᠤ ᠂ ᠤᠷᠢᠶᠠᠩᠬᠠᠢ ᠬᠤᠨᠢ᠂ ᠦᠵᠦᠮᠦᠴᠢᠨ ᠬᠤᠨᠢ᠂ ᠦᠵᠦᠮᠦᠴᠢᠨ ᠴᠠᠭᠠᠨ ᠠᠳᠤᠭᠤ ᠵᠡᠷᠭᠡ ᠡᠭᠦᠯᠳᠡᠷ ᠤᠨ 363 ᠬᠤᠪᠢ ᠴᠢᠰᠤᠨ ᠤ ᠦᠯᠢᠭᠡᠷ ᠡᠳ᠋ ᠪᠣᠯᠣᠨ ᠥᠪᠥᠷ ᠮᠣᠩᠭᠤᠯ ᠤᠨ ᠨᠠᠷᠢᠨ ᠨᠣᠣᠰᠣᠲᠤ ᠬᠤᠨᠢ᠂ ᠦᠵᠦᠮᠦᠴᠢᠨ ᠴᠠᠭᠠᠨ ᠢᠮᠠᠭᠠᠨ ᠤ 6 ᠬᠤᠪᠢ ᠡᠰ ᠤᠨ ᠦᠯᠢᠭᠡᠷ ᠡᠳ᠋ ᠢ ᠬᠤᠷᠢᠶᠠᠨ ᠴᠤᠭᠯᠠᠭᠤᠯᠪᠠ᠃ ᠡᠯ᠎ᠡ ᠡᠭᠦᠯᠳᠡᠷ ᠤᠨ ᠴᠢᠰᠤᠨ ᠤ ᠦᠯᠢᠭᠡᠷ ᠡᠳ᠋ ᠢ ᠦᠪᠦᠷ ᠮᠣᠩᠭᠤᠯ ᠤᠨ ᠥᠨᠳᠦᠷᠯᠢᠭ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠤᠨ ᠰᠢᠰᠲ᠋ᠧᠮ ᠤᠨ ᠭᠧᠨ ᠤ ᠪᠡᠶ᠎ᠡ ᠶᠢᠨ ᠦᠨᠡᠮᠯᠡᠯ ︵ᠴᠢᠫ︶ ᠢ ᠪᠠᠶᠢᠭᠤᠯᠬᠤ ᠵᠢᠴᠢ ᠰᠢᠯᠭᠠᠨ ᠪᠠᠶᠢᠴᠠᠭᠠᠬᠤ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠳᠤ ᠬᠡᠷᠡᠭᠯᠡᠵᠦ᠂ ᠴᠢᠫ ᠲᠤ ᠡᠯ᠎ᠡ ᠡᠭᠦᠯᠳᠡᠷ ᠤᠨ ᠰᠦ ᠭᠠᠷᠬᠤ᠂ ᠮᠢᠬ᠎ᠠ ᠭᠠᠷᠬᠤ᠂ ᠥᠰᠬᠦ᠂ ᠦᠷᠡᠵᠢᠬᠦ᠂ ᠡᠪᠡᠳᠴᠢᠨ ᠡᠰᠡᠷᠭᠦᠴᠡᠬᠦ ᠵᠡᠷᠭᠡ ᠠᠵᠤ ᠠᠬᠤᠢ ᠶᠢᠨ ᠰᠢᠨᠵᠢ ᠪᠠᠶᠢᠳᠠᠯ ᠲᠠᠢ ᠬᠠᠮᠢᠶ᠎ᠠ ᠪᠦᠬᠦᠢ ᠴᠢᠨᠠᠷ ᠰᠠᠶᠢᠲᠠᠢ ᠴᠢᠳᠠᠮᠵᠢ ᠶᠢᠨ ᠪᠠᠶᠢᠷᠢ ᠶᠢ ᠪᠠᠭᠲᠠᠭᠠᠵᠤ᠂ ᠡᠯ᠎ᠡ ᠡᠭᠦᠯᠳᠡᠷ ᠤᠨ ᠤᠳᠤᠮ ᠰᠣᠩᠭᠤᠨ ᠪᠣᠶᠢᠵᠢᠭᠤᠯᠬᠤ ᠪᠠ ᠰᠠᠭᠤᠷᠢ ᠰᠤᠳᠤᠯᠭᠠᠨ ᠳᠤ ᠬᠡᠷᠡᠭᠯᠡᠨ᠎ᠡ᠃ ᠴᠤᠭᠯᠠᠭᠤᠯᠤᠭᠰᠠᠨ ᠡᠰ ᠢ ᠥᠪᠥᠷ ᠮᠣᠩᠭᠤᠯ ᠤᠨ ᠥᠨᠳᠦᠷᠯᠢᠭ ᠤᠨ ᠠᠮᠢᠲᠠᠨ ᠤ ᠡᠬᠢ ᠪᠠᠶᠠᠯᠢᠭ ᠤᠨ ᠬᠥᠮᠥᠷᠭᠡ ᠳᠤ ᠣᠷᠣᠭᠤᠯᠵᠤ᠂ ᠰᠡᠭᠦᠯᠴᠢ ᠶᠢᠨ ᠳᠦᠷᠰᠦ ᠶᠢᠨ ᠠᠮᠢᠳᠤ ᠪᠣᠳᠠᠰ ᠤᠨ ᠰᠤᠳᠤᠯᠤᠯ ᠤᠨ ᠥᠪᠡᠷᠮᠢᠴᠡ ᠴᠢᠨᠠᠷ ᠤᠨ ᠰᠤᠳᠤᠯᠭᠠᠨ ᠤ ᠠᠵᠢᠯ ᠳᠤ ᠰᠠᠭᠤᠷᠢ ᠡᠰ ᠤᠨ ᠮᠠᠲ᠋ᠧᠷᠢᠶᠠᠯ ᠬᠠᠩᠭᠠᠬᠤ ᠪᠣᠯᠣᠨ᠎ᠠ᠃ 
图片1.png
图片2.png
      ᠬᠤᠶᠠᠷ᠂ ᠠᠯᠠᠰᠢᠨ ᠬᠤᠨᠢᠨ ᠤ ᠡᠭᠦᠯᠳᠡᠷ ᠤᠨ ᠮᠣᠯᠧᠺᠦ᠋ᠯ ᠤᠨ ᠲᠡᠮᠳᠡᠭ ᠲᠠᠯᠪᠢᠬᠤ      ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠯᠠᠰᠢᠨ ᠬᠤᠨᠢᠨ ᠤ ᠤᠳᠤᠮᠰᠢᠯ ᠤᠨ ᠡᠭᠦᠯᠳᠡᠷ ᠪᠣᠶᠢᠵᠢᠭᠤᠯᠬᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠠᠢ ᠬᠤᠯᠪᠤᠭᠠᠯᠠᠨ ᠥᠪᠥᠷ ᠮᠣᠩᠭᠤᠯ ᠤᠨ ᠠᠯᠠᠰᠢᠨ ᠬᠤᠨᠢᠨ ᠤ ᠤᠳᠤᠮᠰᠢᠯ ᠤᠨ ᠡᠬᠢ ᠪᠠᠶᠠᠯᠢᠭ ᠤᠨ ᠬᠠᠮᠠᠭᠠᠯᠠᠯᠲᠠ ᠬᠢᠭᠡᠳ ᠮᠣᠯᠧᠺᠦ᠋ᠯ ᠤᠨ ᠲᠡᠮᠳᠡᠭ ᠤᠨ ᠠᠵᠢᠯ ᠢ ᠥᠷᠨᠢᠭᠦᠯᠵᠦ᠂ ᠰᠥᠨᠢᠳ ᠬᠤᠨᠢ᠂ ᠦᠵᠦᠮᠦᠴᠢᠨ ᠬᠤᠨᠢ᠂ ᠤᠷᠢᠶᠠᠩᠬᠠᠢ ᠬᠤᠨᠢ ᠵᠡᠷᠭᠡ ᠨᠡᠶᠢᠲᠡ 300 ᠬᠤᠪᠢ ᠠᠯᠠᠰᠢᠨ ᠬᠤᠨᠢᠨ ᠤ ᠴᠢᠰᠤᠨ ᠤ ᠦᠯᠢᠭᠡᠷ ᠡᠳ᠋ ᠢ ᠴᠤᠭᠯᠠᠭᠤᠯᠪᠠ᠃ ᠲᠣᠰ ᠠᠵᠢᠯ ᠨᠢ ᠮᠠᠨ ᠤ ᠣᠷᠣᠨ ᠤ ᠣᠷᠣᠨ ᠨᠤᠲᠤᠭ ᠤᠨ ᠡᠭᠦᠯᠳᠡᠷ ᠪᠠ ᠪᠣᠶᠢᠵᠢᠭᠤᠯᠤᠭᠰᠠᠨ ᠡᠭᠦᠯᠳᠡᠷ ᠤᠨ ᠠᠯᠠᠰᠢᠨ ᠬᠤᠨᠢᠨ ᠤ ᠴᠢᠰᠤᠨ ᠤ ᠦᠯᠢᠭᠡᠷ ᠡᠳ᠋ ᠢ 2500 ᠬᠤᠪᠢ ᠴᠤᠭᠯᠠᠭᠤᠯᠬᠤ ᠶᠢᠨ ᠬᠠᠮᠲᠤ ᠳᠦᠷᠰᠦ ᠶᠢᠨ ᠣᠯᠠᠨ ᠶᠠᠩᠵᠤᠲᠤ ᠴᠢᠨᠠᠷ ᠵᠢᠴᠢ ᠡᠬᠢ ᠪᠠᠶᠠᠯᠢᠭ ᠤᠨ ᠬᠤᠪᠢᠷᠠᠯᠲᠠ ᠶᠢᠨ ᠪᠠᠶᠢᠳᠠᠯ ᠳᠤ ᠰᠢᠰᠲ᠋ᠧᠮ ᠲᠠᠢ ᠵᠠᠳᠠᠯᠤᠯᠲᠠ ᠬᠢᠬᠦ ᠪᠠᠷ ᠳᠡᠮᠵᠢᠨ᠂ ᠥᠪᠥᠷ ᠮᠣᠩᠭᠤᠯ ᠤᠨ ᠠᠯᠠᠰᠢᠨ ᠬᠤᠨᠢᠨ ᠤ DNA ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠪᠠ᠃ ᠡᠭᠦᠨ ᠤ ᠬᠠᠮᠲᠤ᠂ ᠣᠨᠴᠠ ᠵᠠᠷᠢᠮ ᠡᠭᠦᠯᠳᠡᠷ ᠤᠨ ᠮᠠᠭᠤᠵᠢᠷᠠᠬᠤ ᠦᠵᠡᠭᠳᠡᠯ ᠪᠠ ᠰᠣᠩᠭᠤᠨ ᠪᠣᠶᠢᠵᠢᠭᠤᠯᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠠᠯᠠᠰᠢᠨ ᠬᠤᠨᠢᠨ ᠤ ᠥᠰᠦᠯᠲᠡ ᠶᠢᠨ ᠪᠡᠯᠭᠡ ᠲᠡᠮᠳᠡᠭ ᠤᠨ ᠮᠣᠯᠧᠺᠦ᠋ᠯ ᠤᠨ ᠲᠡᠮᠳᠡᠭ ᠢ ᠨᠡᠭᠡᠭᠡᠨ ᠬᠥᠭᠵᠢᠭᠦᠯᠵᠦ ᠂ ᠮᠣᠯᠧᠺᠦ᠋ᠯ ᠤᠨ ᠲᠡᠮᠳᠡᠭ ᠢᠶᠠᠷ ᠡᠭᠦᠯᠳᠡᠷ ᠪᠣᠶᠢᠵᠢᠭᠤᠯᠬᠤ ᠶᠢ ᠬᠠᠪᠰᠤᠷᠬᠤ ᠳᠤ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠩᠭᠠᠵᠠᠢ᠃
图片3.png
图片4.png
      ᠭᠤᠷᠪᠠ ᠂ ᠤᠳᠤᠮᠯᠠᠯ ᠤᠨ ᠮᠠᠲ᠋ᠧᠷᠢᠶᠠᠯ ᠢ ᠦᠢᠯᠡᠳᠬᠦ      ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠶᠢᠨ ᠶᠠᠰᠤ ᠴᠢᠨᠠᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠠᠵᠢᠯ ᠤᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠮᠠᠯ ᠵᠢᠭᠦᠷᠲᠡᠨ ᠤ ᠤᠳᠤᠮᠯᠠᠯ ᠤᠨ ᠮᠠᠲ᠋ᠧᠷᠢᠶᠠᠯ ᠦᠶᠯᠡᠳᠬᠦ ᠠᠵᠢᠯ ᠢ ᠦᠷᠭᠦᠯᠵᠢᠯᠡᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠨᠢ ᠰᠢᠯᠢ ᠶᠢᠨ ᠭᠤᠣᠯ ᠠᠶᠢᠮᠠᠭ ᠤᠨ ᠮᠠᠯ ᠠᠵᠤ ᠠᠬᠤᠢ ᠶᠢᠨ ᠠᠵᠢᠯ ᠤᠨ ᠥᠷᠲᠡᠭᠡ᠂ ᠰᠢᠯᠤᠭᠤᠨ ᠬᠥᠬᠡ ᠬᠤᠰᠢᠭᠤᠨ ᠤ ᠮᠠᠯ ᠠᠵᠤ ᠠᠬᠤᠢ ᠶᠢᠨ ᠠᠵᠢᠯ ᠤᠨ ᠥᠷᠲᠡᠭᠡ ᠲᠠᠢ ᠬᠠᠮᠲᠤᠷᠠᠨ᠂ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠳᠤ ᠥᠪᠥᠷ ᠮᠣᠩᠭᠤᠯ ᠤᠨ ᠨᠠᠷᠢᠨ ᠨᠣᠣᠰᠣᠲᠤ ᠬᠤᠨᠢᠨ ᠤ ᠬᠦᠪᠦᠷᠡᠯ ᠢ ᠬᠥᠯᠳᠡᠭᠡᠵᠦ ᠦᠶᠯᠡᠳᠬᠦ ᠠᠵᠢᠯ ᠢ ᠦᠷᠨᠢᠭᠦᠯᠪᠡ᠃ ᠮᠡᠷᠭᠡᠵᠢᠯ ᠤᠨ ᠪᠦᠯᠬᠦᠮ ᠨᠡᠶᠢᠲᠡ 35 ᠡᠮ᠎ᠡ ᠬᠤᠨᠢ᠂ 13 ᠬᠤᠴᠠ ᠰᠣᠩᠭᠤᠵᠤ᠂ ᠨᠢᠭᠡ ᠰᠠᠷ᠎ᠠ ᠶᠢᠨ ᠬᠤᠭᠤᠴᠠᠭ᠎ᠠ ᠲᠠᠢ ᠬᠤᠨᠢ ᠲᠡᠵᠢᠭᠡᠬᠦ᠂ ᠬᠢᠵᠢᠭ ᠡᠪᠡᠳᠴᠢᠨ ᠢ ᠪᠠᠶᠢᠴᠠᠭᠠᠨ ᠰᠢᠯᠭᠠᠬᠤ᠂ ᠠᠳᠠᠯᠢ ᠬᠤᠭᠤᠴᠠᠭᠠᠨ ᠳᠤ ᠣᠷᠤᠭ᠎ᠠ ᠤᠷᠤᠭᠤᠯᠬᠤ ᠂ ᠬᠡᠲᠦ ᠲᠤᠭᠠᠨ ᠤ ᠦᠨᠳᠡᠭᠡ ᠭᠠᠳᠠᠭᠰᠢᠯᠠᠭᠤᠯᠬᠤ᠂ ᠬᠡᠪᠡᠯᠢ ᠶᠢᠨ ᠬᠥᠨᠳᠡᠢ ᠶᠢᠨ ᠳᠤᠷᠠᠨ ᠢᠶᠠᠷ ᠦᠷ᠎ᠡ ᠳᠠᠮᠵᠢᠭᠤᠯᠬᠤ᠂ ᠮᠡᠰᠡ ᠵᠠᠰᠠᠯ ᠢᠶᠠᠷ ᠬᠦᠪᠦᠷᠡᠯ ᠬᠦᠭᠡᠭᠡᠬᠦ ᠂ ᠬᠦᠪᠦᠷᠡᠯ  ᠬᠥᠯᠳᠡᠭᠡᠬᠦ ᠵᠡᠷᠭᠡ ᠠᠵᠢᠯ ᠢ ᠥᠷᠨᠢᠭᠦᠯᠵᠦ᠂ ᠨᠡᠶᠢᠲᠡ 341 ᠬᠦᠪᠦᠷᠡᠯ ᠪᠤᠶᠤ ᠥᠨᠳᠡᠭᠡ ︵ᠡᠭᠦᠨ ᠳᠤ ᠬᠡᠷᠡᠭᠯᠡᠵᠦ ᠪᠣᠯᠬᠤ ᠬᠦᠪᠦᠷᠡᠯ 276᠂ A ᠲᠠᠰ ᠤᠨ ᠬᠦᠪᠦᠷᠡᠯ 248᠂ 49  ᠨᠢ ᠮᠠᠭᠤᠵᠢᠷᠠᠵᠤ᠂ ᠦᠷ᠎ᠡ ᠲᠣᠭᠲᠠᠭᠰᠠᠨ ᠦᠭᠡᠢ ᠥᠨᠳᠡᠭᠡ 16︶ ᠣᠯᠵᠤ᠂ ᠬᠤᠨᠢ ᠨᠢᠭᠡᠪᠦᠷᠢ ᠶᠢᠨ ᠳᠤᠮᠳᠠᠴᠢ ᠬᠦᠴᠦᠨ ᠲᠠᠢ ᠬᠦᠪᠦᠷᠡᠯ ᠤᠨ ᠲᠤᠭ᠎ᠠ ᠨᠢ 7.88 ᠪᠣᠯᠣᠨ᠎ᠠ︔ 275 ᠬᠥᠯᠳᠡᠭᠡᠭᠰᠡᠨ ᠬᠦᠪᠦᠷᠡᠯ ︵ᠡᠭᠦᠨ ᠳᠤ A ᠲᠠᠰ ᠤᠨ ᠢᠯᠠᠮ᠎ᠠ ᠶᠢᠨ ᠬᠦᠪᠦᠷᠡᠯ 170᠂ B ᠲᠠᠰ ‍ᠤᠨ‌ᠢᠯᠠᠮ᠎ᠠ ᠶᠢᠨ ᠬᠦᠪᠦᠷᠡᠯ 26᠂ 68 ᠤᠭᠤᠲᠠᠲᠤ ᠬᠦᠪᠦᠷᠡᠯ᠂ 10 ᠥᠷᠭᠡᠳᠬᠡᠭᠰᠡᠨ ᠤᠭᠤᠲᠠᠲᠤ ᠬᠦᠪᠦᠷᠡᠯ ᠪᠣᠶ︶ ᠦᠢᠯᠡᠳᠴᠦ᠂ ᠬᠤᠨᠢ ᠨᠢᠭᠡᠪᠦᠷᠢ ᠶᠢᠨ ᠳᠤᠮᠳᠠᠴᠢ ᠬᠥᠯᠳᠡᠭᠡᠭᠰᠡᠨ ᠬᠦᠪᠦᠷᠡᠯ ᠤᠨ ᠲᠤᠭ᠎ᠠ ᠨᠢ 7.85 ᠪᠣᠯᠣᠨ᠎ᠠ︔ ᠭᠠᠭᠴᠠ ᠬᠤᠨᠢ ᠠᠴᠠ ᠬᠠᠮᠤᠭ ᠠᠷᠪᠢᠨ ᠳᠤ ᠪᠠᠨ 17 ᠬᠥᠯᠳᠡᠭᠡᠵᠦ ᠪᠣᠯᠬᠤ ᠬᠦᠪᠦᠷᠡᠯ ᠣᠯᠵᠤ ᠂ ᠥᠪᠥᠷ ᠮᠣᠩᠭᠤᠯ ᠤᠨ ᠨᠠᠷᠢᠨ ᠨᠣᠣᠰᠣᠲᠤ ᠬᠤᠨᠢᠨ ᠤ ᠤᠳᠤᠮᠯᠠᠯ ᠤᠨ ᠮᠠᠲ᠋ᠧᠷᠢᠶᠠᠯ ᠢ ᠦᠶᠯᠡᠳᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠡᠢ᠃
图片5.png
图片6.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号