ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠢ ᠰᠢᠯᠢᠨ ᠰᠣᠩᠭᠤᠭᠰᠠᠨ ᠦᠷ᠎ᠡ ᠳ᠋ᠦᠩ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/4/13
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠳᠣᠷᠣᠭᠰᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠭᠡᠵᠦ ᠲᠣᠪᠴᠢᠯᠠᠨ᠎ᠠ︶ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠢ ᠰᠢᠯᠢᠨ ᠰᠣᠩᠭᠤᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠱᠠᠭᠠᠷᠳᠠᠯᠭ᠎ᠠ ᠶᠣᠰᠤᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠢ ᠡᠵᠡᠮᠳᠡᠬᠦ ᠠᠵᠢᠯ ᠢ ᠪᠦᠬᠦ ᠲᠠᠯ᠎ᠠ ᠰᠠᠶᠢᠳᠤᠷ ᠬᠢᠵᠦ᠂ ᠶᠠᠰᠤ ᠴᠢᠨᠠᠷ ᠢ ᠡᠵᠡᠮᠳᠡᠬᠦ ᠮᠡᠷᠭᠡᠵᠢᠯ ᠤᠨ ᠪᠠᠲᠤᠯᠠᠭ᠎ᠠ ᠶᠢ ᠴᠢᠩᠭᠠᠳᠬᠠᠵᠦ ᠂ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ ᠠᠴᠠ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠠᠴᠠ ᠶᠡᠷᠦᠩᠬᠡᠶᠢᠯᠡᠨ ᠬᠢᠨᠠᠨ ᠲᠣᠭᠲᠠᠭᠠᠬᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠬᠠᠮᠠᠭᠠᠯᠠᠬᠤ ᠲᠥᠪ ᠤᠨ ᠡᠷᠬᠢᠯᠡᠭᠴᠢ ᠶᠢᠨ ᠠᠯᠪᠠᠨ ᠠᠵᠢᠯ ᠤᠨ ᠬᠤᠷᠠᠯ ᠢᠶᠠᠷ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠬᠤᠷᠠᠯ ᠢᠶᠠᠷ ᠰᠤᠳᠤᠯᠬᠤ ᠪᠠᠷ ᠳᠡᠮᠵᠢᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠭᠤᠷᠪᠠᠨ ᠨᠢᠭᠡᠴᠢ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠶᠠᠳᠤᠭᠠᠷ ᠪᠦᠯᠦᠭ ᠤᠨ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠢᠶᠠᠷ ᠲᠣᠭᠳᠠᠭᠠᠪᠠ ᠂ ᠡᠳᠦᠭᠡ ᠰᠢᠯᠢᠨ ᠰᠣᠩᠭᠤᠭᠰᠠᠨ ᠦᠷ᠎ᠡ ᠳ᠋ᠦᠩ ᠢ ᠢᠯᠡ ᠨᠡᠶᠢᠳᠡᠯᠡᠵᠦ ᠪᠠᠶᠢᠨ᠎ᠠ ᠃      ᠢᠯᠡ ᠨᠡᠶᠢᠲᠡᠯᠡᠬᠦ ᠬᠤᠭᠤᠴᠠᠭ᠎ᠠ ᠨᠢ 2023 ᠣᠨ ᠤ 4 ᠰᠠᠷ᠎ᠠ ᠶᠢᠨ 12 ᠤᠨ ᠡᠳᠦᠷ ᠠᠴᠠ 19 ᠤ ᠡᠳᠦᠷ ᠪᠣᠯᠲᠠᠯ᠎ᠠ᠂ ᠢᠯᠡ ᠨᠡᠶᠢᠲᠡᠯᠡᠬᠦ ᠬᠤᠭᠤᠴᠠᠭᠠᠨ ᠳᠤ ᠬᠡᠷᠪᠡ ᠣᠨᠳᠣᠣ ᠰᠠᠨᠠᠯ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤ ᠲᠤᠰᠬᠠᠬᠤ ᠶᠢᠨ ᠬᠠᠮᠲᠤ ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠃      ᠬᠠᠷᠢᠯᠴᠠᠬᠤ ᠤᠲᠠᠰᠤ᠄ 0471-6552227      ᠢᠮᠧᠯ᠄ nmgspb2022@163.com       ᠳᠠᠭᠠᠯᠳᠤᠭᠤᠯᠤᠯ᠄ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠢ ᠰᠢᠯᠢᠨ ᠰᠣᠩᠭᠤᠭᠰᠠᠨ ᠦᠷ᠎ᠡ ᠳ᠋ᠦᠩ ᠢ ᠢᠯᠡ ᠨᠡᠶᠢᠲᠡᠯᠡᠭᠰᠡᠨ ᠨᠡᠷᠡᠰ                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                      ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ                       ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ                                2023 ᠣᠨ ᠤ 4 ᠰᠠᠷ᠎ᠠ ᠶᠢᠨ 12 ᠤᠨ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号