ᠤᠯᠠᠭᠠᠨᠴᠠᠪ ᠬᠤᠲᠠ ᠶᠢᠨ ᠪᠣᠬᠢᠷᠲᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ ᠦᠵᠡᠰᠬᠦᠯᠡᠩ ᠤᠨ ᠴᠤᠭᠯᠠᠭᠠᠨ ᠵᠢᠴᠢ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠣᠷᠭᠠᠨᠢᠭ ᠢᠳᠡᠭᠡᠨ ᠤ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2023/4/14
      ᠣᠶᠢᠷ᠎ᠠ ᠳᠤ᠂ ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ ᠦᠵᠡᠰᠬᠦᠯᠡᠩ ᠤᠨ ᠴᠤᠭᠯᠠᠭᠠᠨ ᠵᠢᠴᠢ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠣᠷᠭᠠᠨᠢᠭ ᠢᠳᠡᠭᠡᠨ ᠤ ᠦᠵᠡᠰᠬᠦᠯᠡᠩ ᠤᠨ ᠴᠤᠭᠯᠠᠭᠠᠨ ᠾᠧᠹᠧᠢ ᠶᠢᠨ ᠪᠢᠨ ᠬᠤ᠋ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠡᠬᠢᠯᠡᠪᠡ᠂ ᠬᠤᠷᠠᠯ ᠤᠨ ᠭᠤᠣᠯ ᠰᠡᠳᠦᠪ ᠨᠢ ︽ᠪᠣᠬᠢᠷᠲᠤᠯ ᠦᠭᠡᠢ ᠦᠢᠯᠡᠳᠪᠦᠷᠢᠯᠡᠯ ᠢ ᠬᠡᠷᠡᠭᠵᠢᠭᠦᠯᠵᠦ᠂ ᠴᠢᠨᠠᠷ ᠰᠠᠶᠢᠲᠠᠢ ᠦᠢᠯᠡᠳᠬᠦᠨ ᠢ ᠬᠥᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠮᠡᠨᠳᠦ ᠳᠤ ᠦᠢᠯᠡᠴᠢᠯᠡᠶ᠎ᠡ︾ ᠪᠣᠯᠤᠨ᠎ᠠ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠤ 311 ᠠᠵᠤ ᠠᠬᠤᠶᠢᠯᠠᠯ ᠤᠨ 1443 ᠵᠦᠢᠯ ᠤᠨ ᠪᠦᠲᠦᠭᠡᠭᠳᠡᠬᠦᠨ ᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠪᠣᠬᠢᠷᠲᠤᠯ ᠦᠭᠡᠢ ᠢᠳᠡᠭᠡᠨ᠂ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠢ 400 ᠰᠢᠬᠠᠮ ᠪᠠᠶᠢᠷᠢᠯᠠᠭᠤᠯᠵᠤ᠂ ᠦᠵᠡᠰᠬᠦᠯᠡᠩ ᠳᠤ ᠣᠷᠣᠯᠴᠠᠭᠰᠠᠨ ᠪᠦᠲᠦᠭᠡᠭᠳᠡᠬᠦᠨ ᠳᠤ ᠰᠦ ᠂ ᠮᠢᠬ᠎ᠠ᠂ ᠠᠮᠤ ᠲᠣᠰᠣ᠂ ᠵᠢᠮᠢᠰ ᠨᠣᠭᠤᠭ᠎ᠠ᠂ ᠢᠳᠡᠭᠡᠨ ᠤ ᠮᠥᠭᠦ ᠵᠡᠷᠭᠡ ᠵᠢᠷᠭᠤᠭᠠᠨ ᠲᠣᠮᠣ ᠲᠥᠷᠥᠯ ᠤᠨ ᠪᠦᠲᠦᠭᠡᠭᠳᠡᠬᠦᠨ ᠢ ᠬᠠᠮᠤᠷᠪᠠ᠃      ᠤᠯᠠᠭᠠᠨᠴᠠᠪ ᠬᠤᠲᠠ 21 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠦᠵᠡᠭᠦᠯᠭᠡ ᠳᠤ ᠣᠷᠣᠯᠴᠠᠭᠤᠯᠪᠠ᠂ ᠡᠭᠦᠨ ᠳᠤ 4 ᠠᠵᠤ ᠠᠬᠤᠶᠢᠯᠠᠯ ᠤᠨ ᠦᠵᠡᠭᠦᠯᠭᠡ ᠳᠤ ᠣᠷᠣᠯᠴᠠᠭᠰᠠᠨ ᠲᠠᠷᠢᠶᠠᠯᠠᠩ ᠤᠨ ᠪᠦᠲᠦᠭᠡᠭᠳᠡᠬᠦᠨ ᠨᠢ ᠲᠣᠰ ᠲᠣᠰ ᠳᠥᠷᠪᠡᠳ ᠬᠤᠰᠢᠭᠤᠨ ᠤ ᠦᠬᠡᠷ ᠬᠤᠨᠢᠨ ᠮᠢᠬ᠎ᠠ᠂ ᠰᠢᠩ ᠾᠧ ᠰᠢᠶᠠᠨ ᠤ ᠾᠧ ᠣᠪᠣᠭᠲᠤ ᠶᠢᠨ ᠠᠮᠤ ᠲᠣᠰᠣ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠠᠮᠤ ᠲᠣᠰᠣ᠂ ᠰᠢᠶᠦ᠋ᠩ ᠹᠧᠩ ᠲᠠᠷᠢᠶᠠᠯᠠᠩ ᠮᠠᠯ ᠠᠵᠤ ᠠᠬᠤᠢ ᠶᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠬᠤᠯᠢᠮᠠᠭ ᠠᠮᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠮᠠᠷᠠᠲᠤ ᠶᠢᠨ ᠲᠥᠮᠥᠰᠥ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠶᠢᠲᠤ ᠬᠤᠰᠢᠭᠤᠨ ᠤ ᠤᠯᠠᠭᠠᠨ ᠲᠥᠮᠥᠰᠥ ᠪᠣᠯᠣᠨ᠎ᠠ᠃ ᠦᠵᠡᠭᠦᠯᠭᠡ ᠶᠢᠨ ᠬᠤᠭᠤᠴᠠᠭᠠᠨ ᠳᠤ ᠳᠥᠷᠪᠡᠳ ᠬᠤᠰᠢᠭᠤᠨ ᠤ ᠦᠬᠡᠷ ᠬᠤᠨᠢᠨ ᠮᠢᠬ᠎ᠠ ᠶᠢᠨ ᠠᠵᠤ ᠠᠬᠤᠶᠢᠯᠠᠯ ᠨᠢ ᠾᠧᠹᠧᠢ ᠶᠢᠨ ᠲᠣᠰ ᠭᠠᠵᠠᠷ ᠤᠨ ᠠᠵᠤ ᠠᠬᠤᠶᠢᠯᠠᠯ ᠲᠠᠢ ᠢᠳᠡᠪᠬᠢᠲᠡᠢ ᠪᠠᠷ ᠵᠥᠪᠳᠡᠯᠴᠡᠵᠦ᠂ 10 ᠲᠣᠨ ᠪᠡᠯᠡᠨ ᠪᠠᠷᠠᠭ᠎ᠠ ᠪᠣᠷᠣᠯᠠᠭᠤᠯᠵᠤ᠂ 30 ᠲᠣᠨ ᠣᠷᠳᠣ ᠬᠤᠭᠤᠴᠠᠭ᠎ᠠ ᠪᠠᠷ ᠬᠤᠳᠠᠯᠳᠤᠨ ᠠᠪᠬᠤ ᠬᠡᠯᠡᠯᠴᠡᠭᠡᠷ ᠲᠣᠭᠲᠠᠪᠠ᠃      ᠲᠣᠰ ᠤᠳᠠᠭᠠᠨ ᠤ ᠦᠵᠡᠰᠬᠦᠯᠡᠩ ᠢᠶᠠᠷ ᠳᠠᠮᠵᠢᠭᠤᠯᠤᠨ᠂ ᠤᠯᠠᠭᠠᠨᠴᠠᠪ ᠬᠤᠲᠠ ᠶᠢᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠪᠣᠬᠢᠷᠲᠤᠯ ᠦᠭᠡᠢ᠂ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠭᠦᠢᠯᠭᠡᠭᠡ ᠶᠢ ᠠᠬᠢᠭᠤᠯᠤᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠠ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠨᠠᠩ ᠣᠯᠠᠨ ᠤᠯᠠᠭᠠᠨᠴᠠᠪ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠤᠯᠤᠰ ᠲᠤ ᠭᠠᠷᠬᠤ  ᠶᠢ ᠠᠬᠢᠭᠤᠯᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号