ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠬᠤᠶᠠᠳᠤᠭᠠᠷ ᠤᠳᠠᠭᠠᠨ ᠤ ᠬᠢᠨᠠᠨ ᠲᠣᠭᠲᠠᠭᠠᠬᠤ ᠬᠤᠷᠠᠯᠳᠤᠭᠠᠨ ᠤ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠡᠭᠦᠯᠳᠡᠷ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/4/14
      ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ︽ᠲᠠᠷᠢᠶᠠᠯᠠᠩ ᠤᠨ ᠤᠷᠭᠤᠮᠠᠯ ᠤᠨ ᠡᠭᠦᠯᠳᠡᠷ ᠢ ᠨᠡᠷᠡᠶᠢᠳᠬᠦ ᠲᠣᠭᠲᠠᠭᠠᠯ︾ ᠢ ᠦᠨᠳᠦᠰᠦᠯᠡᠨ᠂ ᠡᠳᠦᠭᠡ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠬᠤᠶᠠᠳᠤᠭᠠᠷ ᠤᠳᠠᠭᠠᠨ ᠤ ᠬᠢᠨᠠᠨ ᠲᠣᠭᠲᠠᠭᠠᠬᠤ ᠬᠤᠷᠠᠯ ᠤᠨ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠡᠭᠦᠯᠳᠡᠷ ᠵᠢᠴᠢ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠨᠡᠶᠢᠲᠡᠯᠡᠵᠦ ᠪᠠᠶᠢᠨ᠎ᠠ ᠃ ᠢᠯᠡ ᠨᠡᠶᠢᠲᠡᠯᠡᠬᠦ ᠬᠤᠭᠤᠴᠠᠭ᠎ᠠ ᠨᠢ 30 ᠡᠳᠦᠷ ︵2023 ᠣᠨ ᠤ 4 ᠰᠠᠷ᠎ᠠ ᠶᠢᠨ 14 ᠤ ᠡᠳᠦᠷ ᠠᠴᠠ 2023 ᠣᠨ ᠤ 5 ᠰᠠᠷ᠎ᠠ ᠶᠢᠨ 13 ᠤ ᠡᠳᠦᠷ ᠪᠣᠯᠲᠠᠯ᠎ᠠ︶ ᠪᠣᠯᠣᠨ᠎ᠠ᠃ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠡᠭᠦᠯᠳᠡᠷ ᠤᠨ ᠡᠯ᠎ᠡ ᠲᠤᠷᠰᠢᠯᠲᠠ ᠶᠢᠨ ᠴᠡᠭ ᠤᠨ ᠲᠤᠷᠰᠢᠯᠲᠠ ᠶᠢᠨ ᠲᠤᠭ᠎ᠠ ᠪᠠᠷᠢᠮᠲᠠ᠂ ᠬᠤᠷᠢᠶᠠᠩᠭᠤᠶᠢᠯᠠᠭᠰᠠᠨ ᠦᠷ᠎ᠡ ᠳ᠋ᠦᠩ ᠵᠡᠷᠭᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠮᠡᠳᠡᠭᠡ ᠵᠠᠩᠭᠢ ᠶᠢᠨ ᠰᠦᠯᠵᠢᠶ᠎ᠡ ᠪᠠᠷ ᠪᠠᠶᠢᠴᠠᠭᠠᠨ ᠯᠠᠪᠯᠠᠵᠤ ᠪᠣᠯᠣᠨ᠎ᠠ᠃ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠠᠯᠪᠠᠨ ᠭᠡᠷ ᠲᠤ ᠲᠤᠰᠬᠠᠬᠤ ᠶᠢᠨ ᠬᠠᠮᠲᠤ ᠪᠢᠴᠢᠭ ᠤᠨ ᠲᠣᠳᠣᠷᠬᠠᠶᠢᠯᠠᠯᠲᠠ ᠶᠢᠨ ᠮᠠᠲ᠋ᠧᠷᠢᠶᠠᠯ ᠢ ᠬᠠᠩᠭᠠᠬᠤ ᠬᠡᠷᠡᠭᠲᠡᠢ ᠂ ᠡᠭᠦᠨ ᠳᠤ ᠣᠨᠳᠣᠣ ᠰᠠᠨᠠᠯ ᠤᠨ ᠠᠭᠤᠯᠭ᠎ᠠ᠂ ᠣᠨᠳᠣᠣ ᠰᠠᠨᠠᠯ ᠲᠠᠢ ᠬᠥᠮᠥᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠭᠠᠷ ᠤᠲᠠᠰᠤᠨ ᠤ ᠨᠣᠮᠧᠷ ᠵᠢᠴᠢ ᠢᠮᠧᠯ ᠵᠡᠷᠭᠡ ᠬᠠᠷᠢᠯᠴᠠᠬᠤ ᠬᠡᠯᠪᠡᠷᠢ ᠪᠠᠭᠲᠠᠨ᠎ᠠ ᠃ ᠣᠨᠳᠣᠣ ᠰᠠᠨᠠᠯ ᠲᠠᠢ ᠨᠢᠭᠡᠴᠢ ᠶᠢᠨ ᠪᠢᠴᠢᠭ ᠤᠨ ᠲᠣᠳᠣᠷᠬᠠᠶᠢᠯᠠᠯᠲᠠ ᠶᠢᠨ ᠮᠠᠲ᠋ᠧᠷᠢᠶᠠᠯ ᠳᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ᠃      ᠬᠠᠷᠢᠯᠴᠠᠬᠤ ᠬᠥᠮᠥᠨ ᠵᠢᠴᠢ ᠬᠠᠷᠢᠯᠴᠠᠬᠤ ᠬᠡᠯᠪᠡᠷᠢ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ ᠤᠨ ᠯᠢ ᠰᠢᠨ ︵ᠤᠲᠠᠰᠤ᠄ 0471︱ 6963964᠂ ᠢᠮᠧᠯ ᠄ pinzhong2023@126.com᠂ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠥᠯᠥᠨ ᠬᠤᠶᠢᠲᠤ ᠵᠠᠮ ᠤᠨ 13 ᠳ᠋ᠤᠭᠠᠷ ᠨᠣᠮᠧᠷ᠂ ᠰᠢᠤᠳᠠᠨ ᠤ ᠨᠣᠮᠧᠷ᠄ 010010︶       ᠳᠠᠭᠠᠯᠳᠤᠭᠤᠯᠤᠯ ᠄ 1. ᠨᠠᠢᠮᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠤ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠡᠭᠦᠯᠳᠡᠷ ᠤᠨ ᠭᠠᠷᠴᠠᠭᠯᠠᠯ      ᠳᠠᠭᠠᠯᠳᠤᠭᠤᠯᠤᠯ᠄ 2. ᠨᠠᠢᠮᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠤ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠡᠭᠦᠯᠳᠡᠷ ᠤᠨ ᠲᠤᠬᠠᠢ ᠲᠣᠪᠴᠢ ᠲᠠᠨᠢᠯᠴᠠᠭᠤᠯᠭ᠎ᠠ                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                          ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠦᠪᠯᠡᠯ ᠤᠨ ᠠᠯᠪᠠᠨ ᠭᠡᠷ                                 2023 ᠣᠨ ᠤ 4 ᠰᠠᠷ᠎ᠠ ᠶᠢᠨ 14 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号