ᠰᠠᠶᠢᠬᠠᠨ ᠲᠣᠭᠤᠷᠢᠭ 6.2 ᠳ᠋ᠦᠩᠰᠢᠭᠤᠷ ᠲᠥᠭᠦᠷᠢᠭ ᠤᠨ ᠬᠤᠲᠠ ᠶᠢᠨ ᠲᠠᠷᠢᠶᠠᠯᠠᠩ ᠢ ᠬᠦᠭᠵᠢᠬᠦᠯᠬᠦ ᠵᠦᠪᠳᠡᠯᠴᠡᠭᠡᠷ ᠲᠤᠭᠳᠠᠪᠠ
ᠨᠡᠶᠢᠲᠡᠯᠡᠭᠰᠡᠨ ᠴᠠᠭ᠄
2023/4/17
      ᠲᠦᠷᠦᠬᠦᠬᠡᠨ᠂ ᠬᠥᠬᠡᠬᠤᠲᠠ ᠶᠢᠨ ᠰᠠᠶᠢᠬᠠᠨ ᠲᠣᠭᠤᠷᠢᠭ ᠬᠤᠲᠠ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠠᠷᠠᠯᠵᠢᠶᠠᠴᠢᠨ ᠤᠷᠢᠬᠤ ᠵᠦᠪᠳᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠤ᠂ ᠵᠦᠪᠳᠡᠯᠴᠡᠭᠡᠷ ᠲᠤ ᠲᠤᠭᠳᠠᠭᠰᠠᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 6.2 ᠳ᠋ᠦᠩᠰᠢᠭᠤᠷ ᠲᠥᠭᠦᠷᠢᠭ ᠲᠤ ᠬᠦᠷᠴᠦ᠂ ᠭᠤᠣᠯᠳᠠᠭᠤ ᠬᠤᠲᠠ ᠶᠢᠨ ᠣᠳᠣ ᠦᠶ᠎ᠡ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠬᠤᠯᠪᠤᠭᠳᠠᠪᠠ᠃      ᠣᠶᠢᠷ᠎ᠠ ᠶᠢᠨ ᠵᠢᠯ ᠳᠤ ᠰᠠᠶᠢᠬᠠᠨ ᠲᠣᠭᠤᠷᠢᠭ ᠲᠦᠬᠦᠭᠡᠷᠦᠮᠵᠢᠲᠦ ᠲᠠᠷᠢᠶᠠᠯᠠᠩ ᠤᠨ ︽ᠳᠥᠷᠪᠡᠨ ᠱᠤᠭᠤᠮ ᠲᠠᠪᠤᠨ ᠭᠠᠵᠠᠷ ᠣᠯᠠᠨ ᠴᠡᠭ︾ ᠤᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠭᠰᠡᠨ ᠤ ᠬᠠᠮᠲᠤ ᠸᠠᠨ ᠰᠢᠨ᠂ ᠵᠢᠶᠠᠨ ᠰᠢᠨ᠂ ᠱᠦᠸᠧ ᠹᠧᠩ ᠵᠡᠷᠭᠡ 35 ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠵᠦ ᠂ ᠵᠢᠮᠢᠰ ᠢᠳᠡᠰᠢᠨ ᠨᠣᠭᠤᠭ᠎ᠠ ᠲᠠᠷᠢᠬᠤ ᠰᠠᠭᠤᠷᠢᠨ ᠢ 45 ᠪᠠᠶᠢᠭᠤᠯᠵᠤ ᠂ ᠲᠠᠷᠢᠶᠠᠯᠠᠩ ᠤᠨ ᠪᠦᠲᠦᠭᠡᠭᠳᠡᠭᠦᠨ ᠤ ᠲᠥᠷᠥᠯ ᠲᠡᠮᠳᠡᠭ ᠤᠨ ᠦᠢᠯᠡᠳᠦᠯ ᠠᠭᠠᠵᠢᠮ ᠢᠶᠠᠷ ᠢᠯᠡᠷᠡᠵᠦ᠂ ᠬᠤᠲᠠ ᠶᠢᠨ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠤᠳᠤ ᠰᠠᠶᠢᠬᠠᠨ ᠲᠣᠭᠤᠷᠢᠭ ᠲᠤ ᠡᠯ᠎ᠡ ᠲᠥᠷᠥᠯ ᠤᠨ ᠳᠤᠯᠠᠭᠠᠨ ᠬᠥᠯᠡᠮᠵᠢ 1.4 ᠲᠦᠮᠡ ᠭᠠᠷᠤᠢ ᠪᠠᠶᠢᠵᠤ ᠂ ᠶᠡᠷᠦᠩᠬᠡᠢ ᠲᠠᠯᠠᠪᠠᠢ ᠨᠢ ᠪᠠᠷᠤᠭ 5.5 ᠲᠦᠮᠡᠨ ᠮᠥ ᠳᠤ ᠬᠦᠷᠴᠦ᠂ ᠨᠢᠳᠤᠨᠤᠨ ᠳᠤᠬᠠᠢ ᠶᠢᠨ ᠭᠠᠵᠠᠷ ᠤᠨ 20 ᠲᠦᠮᠡᠨ ᠲᠤᠨ ᠢᠳᠡᠰᠢᠨ ᠨᠣᠭᠤᠭ᠎ᠠ ᠶᠢ ᠵᠠᠬ᠎ᠠ ᠳᠡᠯᠭᠡᠭᠦᠷ ᠲᠤ ᠭᠠᠷᠭᠠᠵᠤ᠂ ᠪᠦᠬᠦ ᠬᠤᠲᠠ ᠶᠢᠨ ᠳᠤᠬᠠᠢ ᠶᠢᠨ ᠭᠠᠵᠠᠷ ᠤᠨ ᠢᠳᠡᠰᠢᠨ ᠨᠣᠭᠤᠭ᠎ᠠ ᠶᠢᠨ ᠭᠠᠷᠤᠯᠲᠠ ᠶᠢᠨ 50% ᠠᠴᠠ ᠳᠡᠭᠡᠭᠰᠢᠬᠢ ᠶᠢ ᠡᠵᠡᠯᠡᠵᠦ᠂ ᠨᠢᠭᠡᠨᠲᠡ ᠬᠥᠬᠡᠬᠤᠲᠠ ᠶᠢᠨ ︽ᠬᠤᠯᠢᠰᠢᠨ ᠢᠳᠡᠭᠡᠨ ᠤ ᠢᠨᠵᠧᠨᠧᠷᠢᠩ︾ ᠤᠨ ᠴᠢᠬᠤᠯᠠ ᠦᠢᠯᠡᠳᠪᠦᠷᠢᠯᠡᠯ ᠤᠨ ᠰᠠᠭᠤᠷᠢᠨ ᠪᠣᠯᠤᠭᠰᠠᠨ ᠪᠠᠶᠢᠨ᠎ᠠ ᠃ ᠣᠶᠢᠯᠠᠭᠠᠭᠰᠠᠨ ᠢᠶᠠᠷ᠂ ᠡᠨᠡ ᠵᠢᠯ ᠰᠠᠶᠢᠬᠠᠨ ᠳᠤᠭᠤᠷᠢᠭ ᠰᠢᠨ᠎ᠡ ᠪᠠᠷ ᠪᠤᠶᠤ ᠦᠷᠭᠦᠯᠵᠢᠯᠡᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠳᠤᠯᠠᠭᠠᠨ ᠬᠥᠯᠡᠮᠵᠢ ᠶᠢᠨ ᠳᠠᠯᠠᠪᠠᠢ 650 ᠮᠦ ᠶᠢ ᠳᠠᠪᠠᠭ᠋ᠤ ᠪᠤᠯᠤᠨ᠎ᠠ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号