ᠲᠢᠩᠬᠢᠮ ᠠᠵᠤ ᠠᠬᠤᠶᠢᠯᠠᠯ ᠬᠠᠮᠳᠤᠷᠠᠨ ᠲᠠᠵᠢᠬᠡᠯ ᠡᠪᠡᠰᠤᠨ ᠤ ᠠᠵᠤ ᠦᠢᠯᠡᠰ ᠤᠨ ᠬᠦᠭᠵᠢᠯᠳᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/4/18
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠬᠢᠭᠡᠳ ᠮᠧᠩ ᠼᠤᠤ ᠪᠦᠯᠦᠭᠯᠡᠯ ᠣᠶᠢᠷ᠎ᠠ ᠳᠤ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠮᠧᠩ ᠼᠤᠤ ᠪᠦᠯᠦᠭᠯᠡᠯ ᠤᠨ ᠲᠡᠵᠢᠭᠡᠯ ᠡᠪᠡᠰᠦᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠰᠠᠨᠠᠮᠵᠢ ᠶᠢᠨ ᠪᠢᠴᠢᠭ︾ ᠲᠤ ᠭᠠᠷ ᠤᠨ ᠦᠰᠦᠭ ᠵᠢᠷᠤᠵᠤ᠂ ᠪᠦᠬᠦ ᠤᠷᠤᠨ ᠤ ᠳᠡᠵᠢᠭᠡᠯ ᠡᠪᠡᠰᠤᠨ ᠤ ᠠᠵᠤ ᠦᠢᠯᠡᠰ ᠤᠨ ᠬᠦᠭᠵᠢᠯᠳᠡ ᠶᠢ ᠬᠠᠮᠳᠤ ᠪᠠᠷ ᠠᠬᠢᠭᠤᠯᠬᠤ ᠪᠠᠷ ᠲᠤᠭᠳᠠᠪᠠ᠃      ᠡᠪᠡᠰᠦ ᠪᠣᠷᠳᠤᠭ᠎ᠠ ᠪᠣᠯ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠮᠥᠨ᠂ ︽ᠴᠣᠮᠣ ᠰᠦ︾ ︽ᠬᠡᠰᠡᠭ ᠮᠢᠬ᠎ᠠ︾ ᠴᠥᠮ ︽ᠰᠢᠷᠬᠡᠭ ᠡᠪᠡᠰᠦ︾ ᠠᠴᠠ ᠰᠠᠯᠵᠤ ᠴᠢᠳᠠᠬᠤ ᠥᠬᠡᠢ᠂ ᠳᠡᠵᠢᠭᠡᠯ ᠡᠪᠡᠰᠦᠨ ᠤ ᠠᠵᠤ ᠦᠢᠯᠡᠰ ᠤᠨ ᠬᠥᠭᠵᠢᠯᠲᠡ ᠴᠦ ᠳᠠᠭᠠᠭᠤᠯᠤᠭᠴᠢ ᠠᠵᠤ ᠠᠬᠤᠶᠢᠯᠠᠯ ᠤᠨ ᠬᠥᠲᠥᠯᠦᠨ ᠳᠠᠭᠠᠭᠤᠯᠬᠤ ᠠᠴᠠ ᠰᠠᠯᠵᠤ ᠴᠢᠳᠠᠬᠤ ᠥᠬᠡᠢ ᠶᠦᠮ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠮᠧᠩ ᠼᠤᠤ ᠪᠦᠯᠦᠭᠯᠡᠯ ᠯᠦᠭᠡ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠨᠢ ᠳᠠᠷᠤᠢ ᠦᠢᠯᠡᠴᠢᠯᠡᠭᠡᠨ ᠤ ᠠᠵᠢᠯ ᠢ ᠰᠠᠶᠢᠳᠤᠷ ᠬᠢᠵᠦ᠂ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠨ ᠦᠭᠴᠦ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠡᠨ ᠪᠣᠳᠠᠲᠠᠢ ᠪᠠᠷ ᠨᠠᠶᠢᠲᠠᠪᠤᠷᠢᠵᠢᠭᠤᠯᠤᠭᠰᠠᠨ ᠠᠵᠢᠯᠯᠠᠭ᠎ᠠ ᠪᠤᠯᠤᠨ᠎ᠠ᠃ ᠡᠬᠦᠨ ᠢᠶᠠᠷ ᠲᠠᠮᠵᠢᠨ ᠮᠧᠩ ᠼᠤᠤ ᠪᠦᠯᠦᠭᠯᠡᠯ ᠢ ᠢᠳᠡᠪᠬᠢᠲᠡᠢ ᠪᠠᠷ ᠬᠠᠪᠰᠤᠷᠤᠨ ᠤᠯᠤᠰ ᠲᠠᠭᠠᠨ ᠦᠢᠯᠡᠳᠪᠦᠷᠢᠯᠡᠭᠰᠡᠨ ᠰᠠᠶᠢᠨ ᠦᠷ᠎ᠡ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠠᠯᠬᠤᠴᠠ ᠶᠢ ᠲᠦᠷᠭᠡᠳᠭᠡᠭᠦ ᠶᠢᠨ ᠬᠠᠮᠳᠤ᠂ ᠮᠧᠩ ᠼᠤᠤ ᠪᠦᠯᠦᠭᠯᠡᠯ ᠤᠨ ᠬᠦᠮᠦᠨ ᠤ ᠬᠦᠴᠦᠨ ᠤ ᠡᠬᠢ ᠪᠠᠶᠠᠯᠢᠭ᠂ ᠲᠣᠭᠠᠴᠢᠯᠠᠭᠰᠠᠨ ᠮᠡᠷᠭᠡᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠠᠪᠠᠭᠤᠯᠢᠭ ᠢ ᠰᠠᠶᠢᠳᠤᠷ ᠪᠠᠳᠠᠷᠠᠭᠤᠯᠵᠤ᠂ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠦ ᠂ ᠥᠪᠡᠷᠲᠡᠭᠡᠨ ᠵᠠᠰᠠᠬᠤ ᠣᠷᠣᠨ ᠤ ᠪᠣᠳᠠᠳᠤ ᠪᠠᠶᠢᠳᠠᠯ ᠳᠤ ᠨᠡᠶᠢᠴᠡᠬᠦ ᠮᠥᠷᠲᠡᠭᠡᠨ ᠬᠦᠷᠦᠰᠤᠨ ᠤ ᠰᠢᠮ᠎ᠡ ᠶᠢ ᠦᠨᠳᠦᠰᠦᠨ ᠠᠴᠠ ᠨᠢ ᠰᠢᠢᠳᠪᠦᠷᠢᠯᠡᠬᠦ ᠰᠢᠨ᠎ᠡ ᠵᠠᠮ ᠢ ᠬᠠᠮᠳᠤ ᠪᠠᠷ ᠰᠦᠪᠡᠭᠴᠢᠯᠡᠭᠰᠠᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号