ᠬᠥᠷᠥᠰᠥ ᠰᠢᠷᠣᠢ ᠶᠢᠨ ᠪᠣᠷᠳᠣᠭᠤᠷ ᠪᠠ ᠤᠰᠤ ᠠᠷᠪᠢᠯᠠᠬᠤ ᠲᠠᠷᠢᠶᠠᠯᠠᠩ ᠤᠨ ᠮᠡᠷᠭᠡᠵᠢᠯ ᠤᠨ ᠭᠠᠵᠠᠷ ᠬᠠᠩᠭᠢᠨ ᠬᠤᠶᠢᠲᠤ ᠬᠤᠰᠢᠭᠤᠨ ᠳᠤ ᠬᠦᠷᠴᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠬᠤᠷᠠᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2023/4/6
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠥᠷᠥᠰᠥ ᠰᠢᠷᠣᠢ ᠶᠢᠨ ᠪᠣᠷᠳᠣᠭᠤᠷ ᠪᠠ ᠤᠰᠤ ᠠᠷᠪᠢᠯᠠᠬᠤ ᠲᠠᠷᠢᠶᠠᠯᠠᠩ ᠤᠨ ᠮᠡᠷᠭᠡᠵᠢᠯ ᠤᠨ ᠭᠠᠵᠠᠷ ᠤᠨ ᠳᠡᠳ᠋ ᠳᠠᠷᠤᠭ᠎ᠠ ᠴᠧᠨ ᠶᠠᠩ᠂ ᠳᠡᠭᠡᠳᠦ ᠵᠡᠷᠭᠡ ᠶᠢᠨ ᠲᠠᠷᠢᠶᠠᠯᠠᠩ ᠤᠨ ᠮᠡᠷᠭᠡᠵᠢᠯᠲᠡᠨ ᠡᠦ ᠴᠣᠯᠮᠤᠨ ᠠᠴᠠ ᠬᠠᠩᠭᠢᠨ ᠬᠤᠶᠢᠲᠤ ᠬᠤᠰᠢᠭᠤᠨ ᠳᠤ ᠬᠦᠷᠴᠦ᠂ ᠬᠠᠲᠤᠨ ᠭᠤᠣᠯ ᠤᠨ ᠤᠰᠤ ᠶᠢ ᠰᠢᠭᠤᠳ ᠱᠦᠭᠦᠵᠦ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠬᠤᠷᠠᠮᠠᠯ  ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠪᠠ᠃      ᠡᠯ ᠳ᠋ᠣᠣ ᠴᠢᠶᠣᠤ ᠪᠠᠯᠭᠠᠰᠤᠨ ᠤ ᠴᠢᠩ ᠹᠧᠩ ᠲᠣᠰᠬᠤᠨ ᠳᠤ ᠬᠦᠷᠴᠦ ᠂ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠳᠣᠬᠠᠨ ᠤ ᠦᠢᠯᠡᠳᠪᠦᠷᠢᠯᠡᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠮᠡᠷᠭᠡᠵᠢᠯ ᠤᠨ ᠬᠡᠷᠡᠭᠴᠡᠭᠡ ᠶᠢ ᠨᠠᠷᠢᠨ ᠣᠶᠢᠯᠠᠭᠠᠵᠤ᠂ ᠲᠠᠷᠢᠶᠠᠯᠠᠩ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ᠂ ᠪᠠᠶᠠᠨᠨᠠᠭᠤᠷ ᠬᠤᠲᠠ᠂ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ᠂ ᠪᠣᠷᠳᠣᠭᠤᠷ ᠪᠠ ᠠᠷᠪᠢᠳᠠᠢ ᠤᠰᠤᠯᠠᠯᠲᠠ ᠶᠢᠨ ᠲᠥᠬᠦᠭᠡᠷᠦᠮᠵᠢ ᠦᠢᠯᠡᠳᠪᠦᠷᠢᠯᠡᠬᠦ ᠦᠢᠯᠡᠳᠪᠦᠷᠢ ᠶᠢᠨ ᠬᠠᠷᠢᠭᠤᠴᠠᠯᠭᠠᠲᠠᠨ᠂ ᠬᠤᠷᠰᠢᠶ᠎ᠠ ᠪᠠ ᠲᠠᠷᠢᠮᠠᠯ ᠤᠨ ᠲᠣᠮᠣ ᠡᠷᠦᠬᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ 2023 ᠣᠨ ᠤ ᠬᠠᠩᠭᠢᠨ ᠬᠤᠶᠢᠲᠤ ᠬᠤᠰᠢᠭᠤᠨ ᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠬᠤᠷᠠᠮᠠᠯ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ ᠬᠠᠮᠲᠤ ᠪᠠᠷ ᠰᠤᠳᠤᠯᠤᠨ ᠶᠠᠷᠢᠯᠴᠠᠪᠠ᠃      ᠶᠠᠷᠢᠯᠴᠠᠬᠤ ᠬᠤᠷᠠᠯ ᠤᠨ ᠲᠠᠷᠠᠭ᠎ᠠ ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠭᠤᠣᠯ ᠵᠢᠱᠢᠶ᠎ᠡ ᠦᠵᠡᠭᠦᠯᠬᠦ ᠲᠣᠭᠤᠷᠢᠭ ᠢ ᠲᠤᠬᠠᠢ ᠶᠢᠨ ᠭᠠᠵᠠᠷ ᠲᠤ  ᠨᠢ ᠪᠠᠶᠢᠴᠠᠭᠠᠨ ᠦᠵᠡᠵᠦ ᠂ ᠬᠠᠳᠤᠨ ᠭᠤᠣᠯ ᠤᠨ ᠤᠰᠤ ᠶᠢ ᠰᠢᠭᠤᠳ ᠱᠦᠭᠦᠵᠦ ᠳᠤᠰᠤᠯᠭᠠᠨ ᠤᠰᠤᠯᠠᠬᠤ ᠮᠡᠷᠭᠡᠵᠢᠯ ᠤᠨ ᠢᠵᠢ ᠪᠦᠷᠢᠳᠦᠭᠰᠡᠨ ᠤᠰᠤ ᠪᠣᠷᠳᠣᠭᠤᠷ ᠢ ᠲᠣᠬᠢᠷᠠᠭᠤᠯᠤᠨ ᠡᠵᠡᠮᠳᠡᠬᠦ ᠭᠤᠣᠯᠳᠠᠯᠭ᠎ᠠ ᠲᠠᠢ ᠲᠤᠷᠰᠢᠯᠲᠠ ᠶᠢᠨ ᠵᠢᠱᠢᠶ᠎ᠡ ᠦᠵᠡᠭᠦᠯᠬᠦ ᠡᠭᠦᠷᠭᠡ ᠶᠢ ᠪᠠᠶᠢᠷᠢᠯᠠᠭᠤᠯᠵᠠᠢ ᠃ ᠡᠭᠦᠨ ᠤ ᠬᠠᠮᠲᠤ ᠬᠥᠷᠥᠰᠥ ᠰᠢᠷᠣᠢ ᠶᠢ ᠬᠡᠮᠵᠢᠨ ᠦᠯᠢᠭᠡᠷ ᠡᠳ᠋ ᠠᠪᠬᠤ ᠂ ᠭᠠᠵᠠᠷ ᠤᠨ ᠰᠢᠮ᠎ᠡ ᠶᠢ ᠨᠡᠮᠡᠭᠳᠡᠭᠦᠯᠬᠦ ᠂ ᠲᠦᠷᠦᠯ ᠵᠦᠢᠯ ᠢ ᠰᠣᠩᠭᠤᠬᠤ ᠂ ᠪᠣᠷᠳᠣᠭᠤᠷ ᠣᠷᠣᠭᠤᠯᠬᠤ ᠵᠡᠷᠭᠡ ᠶᠠᠪᠤᠳᠠᠯ ᠢ ᠨᠠᠶᠢᠳᠠᠪᠤᠷᠢᠵᠢᠭᠤᠯᠪᠠ᠃ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠠᠳᠠᠯᠢ ᠪᠤᠰᠤ ᠬᠡᠮᠵᠢᠶᠡᠨ ᠤ ᠬᠥᠷᠥᠰᠥ ᠰᠢᠷᠣᠢ ᠶᠢᠨ ᠬᠤᠵᠢᠷᠰᠢᠯ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠰᠠᠭᠤᠷᠢ ᠪᠣᠷᠳᠣᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠰᠢᠩᠭᠡᠨ ᠪᠡᠶᠡᠲᠦ ᠪᠣᠷᠳᠣᠭᠤᠷ ᠢ ᠨᠡᠬᠡᠨ ᠣᠷᠣᠭᠤᠯᠬᠤ᠂ ᠬᠥᠷᠥᠰᠥ ᠰᠢᠷᠣᠢ ᠶᠢ ᠵᠣᠬᠢᠰᠲᠠᠢ ᠬᠡᠷᠡᠭᠯᠡᠨ ᠪᠠᠺᠲ᠋ᠧᠷᠢ ᠶᠢᠨ ᠨᠠᠶᠢᠷᠠᠯᠭ᠎ᠠ ᠶᠢ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠬᠤᠷᠠᠮᠠᠯ  ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯ ᠮᠡᠷᠭᠡᠵᠢᠯ ᠢ ᠤᠭᠰᠠᠷᠠᠭᠤᠯᠤᠨ ᠢᠵᠢ ᠪᠦᠷᠢᠳᠦᠭᠦᠯᠬᠦ ᠪᠠ ᠪᠣᠯᠪᠠᠰᠤᠷᠠᠩᠭᠤᠢ ᠪᠣᠯᠭᠠᠬᠤ ᠶᠢ ᠰᠢᠯᠭᠠᠨ ᠪᠠᠲᠤᠯᠠᠬᠤ ᠲᠠᠪᠴᠠᠩ ᠮᠥᠨ ᠂ ᠪᠠᠰᠠ ᠴᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠬᠤᠷᠠᠮᠠᠯ  ᠤᠨ ᠰᠢᠨ᠎ᠡ ᠶᠢ ᠡᠭᠦᠳᠬᠦ ᠲᠥᠪ ᠤᠨ ᠴᠢᠬᠤᠯᠠ ᠪᠦᠷᠢᠯᠳᠦᠭᠦᠨ ᠬᠡᠰᠡᠭ ᠮᠥᠨ ᠃ ᠮᠡᠷᠭᠡᠵᠢᠯ ᠤᠨ ᠬᠤᠷᠠᠮᠠᠯ  ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠪᠠᠶᠢᠭᠤᠯᠤᠮᠵᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠤᠯ ᠵᠢᠭᠠᠨ ᠰᠤᠷᠭᠠᠯᠲᠠ ᠶᠢᠨ ᠨᠢᠭᠡᠴᠢ ᠂ ᠠᠵᠤ ᠠᠬᠤᠶᠢᠯᠠᠯ ᠵᠡᠷᠭᠡ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ ᠬᠠᠮᠵᠢᠯᠴᠠᠭᠰᠠᠨ ᠥᠨᠳᠥᠷ ᠪᠦᠲᠦᠮᠵᠢᠲᠡᠶ ᠮᠡᠷᠭᠡᠵᠢᠯ ᠤᠨ ᠬᠤᠷᠠᠮᠠᠯ  ᠤᠨ ᠰᠢᠨ᠎ᠡ ᠶᠢ ᠡᠭᠦᠳᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠳᠡᠯᠭᠡᠷᠡᠭᠦᠯᠬᠦ ᠬᠡᠷᠡᠭᠯᠡᠬᠦ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠪᠠ ᠤᠰᠤᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ︽ᠤᠰᠤ  ᠪᠠᠷ ᠳᠦᠷᠪᠡ ᠶᠢ ᠲᠣᠭᠲᠠᠭᠠᠬᠤ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠲᠠᠷᠢᠶᠠᠯᠠᠩ ᠤᠨ ᠮᠡᠷᠭᠡᠵᠢᠯ ᠤᠨ ᠬᠤᠷᠠᠮᠠᠯ   ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠠᠵᠢᠯ ᠤᠨ ︽ᠬᠡᠷᠡᠭᠴᠡᠭᠡ ᠪᠠᠷ ᠤᠳᠤᠷᠢᠳᠤᠮᠵᠢ ᠪᠣᠯᠭᠠᠬᠤ᠂ ᠮᠡᠷᠭᠡᠵᠢᠯ ᠢ ᠬᠤᠷᠠᠮᠳᠤᠭᠤᠯᠬᠤ᠂ ᠵᠢᠱᠢᠶ᠎ᠡ ᠦᠵᠡᠭᠦᠯᠦᠨ ᠳᠠᠭᠠᠭᠤᠯᠬᠤ︾ ᠪᠠᠷ ᠵᠠᠷᠴᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ᠂ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯ ᠪᠠ ᠵᠠᠯᠭᠠᠨ ᠵᠣᠯᠭᠠᠭᠤᠯᠬᠤ ᠬᠤᠷᠰᠢᠶ᠎ᠠ ᠲᠠᠢ ᠢᠳᠡᠪᠬᠢᠲᠡᠢ ᠪᠠᠷ ᠵᠣᠯᠭᠠᠭᠤᠯᠵᠤ᠂ ᠨᠠᠷᠢᠨ ᠪᠣᠳᠠᠲᠠᠢ ᠲᠥᠰᠥᠯ ᠲᠣᠭᠲᠠᠭᠠᠨ᠂ ᠠᠵᠢᠯ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠨᠠᠷᠢᠨ ᠨᠠᠶᠢᠳᠠᠪᠤᠷᠢᠵᠢᠭᠤᠯᠬᠤ ᠡᠭᠦᠷᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠲᠥᠪᠯᠡᠷᠡᠭᠦᠯᠦᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ︽ᠯᠠᠪᠯᠠᠯᠲᠠ ᠪᠣᠯᠭᠠᠵᠤ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ︾ ᠨᠡᠶᠢᠲᠡᠯᠢᠭ ᠬᠡᠪ ᠵᠠᠭᠪᠤᠷ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠦᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃
图片3.jpg
图片4.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号