︽2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠰᠠᠶᠢᠳᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠤᠨ ᠳᠤᠬᠠᠢ ᠠᠰᠠᠭᠤᠯᠳᠠ ᠬᠠᠷᠢᠭᠤᠯᠳᠠ
ᠨᠡᠶᠢᠲᠡᠯᠡᠭᠰᠡᠨ ᠴᠠᠭ᠄
2023/5/8
      ᠰᠤᠷᠪᠤᠯᠵᠢᠯᠠᠭᠰᠠᠨ ᠵᠣᠴᠢᠨ᠄ ᠭᠦᠸᠧ ᠵᠠᠨ ᠵᠢᠶᠠᠩ      ᠰᠤᠷᠪᠤᠯᠵᠢᠯᠠᠭᠰᠠᠨ ᠴᠠᠭ᠄ 2023 ︱ 05 ︱ 08      ᠭᠤᠣᠯ ᠠᠭᠤᠯᠭ᠎ᠠ ᠄ ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ︽ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠰᠠᠶᠢᠳᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ ︾ ︵ ᠳᠣᠷᠣᠭᠰᠢ ︽ ᠬᠡᠷᠡᠭᠵᠢᠭᠦᠯᠬᠦ ᠰᠠᠨᠠᠯ ︾ ᠭᠡᠵᠦ ᠳᠥᠭᠦᠮᠴᠢᠯᠡᠨ᠎ᠡ ︶ ᠢ ᠳᠠᠷᠤᠮᠠᠯᠯᠠᠨ ᠲᠠᠷᠬᠠᠭᠠᠵᠠᠢ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ ᠬᠠᠷᠢᠭᠤᠴᠠᠯᠭᠠᠲᠠᠨ ︽ᠬᠡᠷᠡᠭᠵᠢᠭᠦᠯᠬᠦ ᠰᠠᠨᠠᠯ︾ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠶ︖      ᠵᠣᠴᠢᠨ ᠭᠦᠸᠧ ᠵᠠᠨ ᠵᠢᠶᠠᠩ ᠄ ᠶᠡᠷᠦᠩᠬᠡᠢ ᠱᠦᠵᠢ ᠰᠢ ᠶᠢᠨ ᠫᠢᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠪᠣᠳᠣᠯᠬᠢᠯᠠᠵᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ ᠭᠡᠵᠦ ᠴᠢᠬᠤᠯᠠᠴᠢᠯᠠᠪᠠ ᠃ ᠤᠯᠤᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠤᠷᠢᠳᠠᠪᠠᠷ ᠲᠠᠷᠢᠶᠠᠯᠠᠩ ᠢ ᠬᠦᠴᠦᠷᠬᠡᠭᠵᠢᠭᠦᠯᠬᠦ ᠬᠡᠷᠡᠭᠲᠡᠢ ᠂ ᠲᠠᠷᠢᠶᠠᠯᠠᠩ ᠢ ᠬᠦᠴᠦᠷᠬᠡᠭᠵᠢᠭᠦᠯᠪᠡᠯ ᠰᠠᠶ᠋ᠢ ᠤᠯᠤᠰ ᠢᠶᠠᠨ ᠬᠦᠴᠦᠷᠬᠡᠭᠵᠢᠭᠦᠯᠵᠦ ᠴᠢᠳᠠᠨ᠎ᠠ ᠃ ᠲᠠᠷᠢᠶᠠᠯᠠᠩ ᠤᠨ ᠬᠦᠴᠦᠷᠬᠡᠭ ᠤᠯᠤᠰ ᠪᠠᠶᠢᠬᠤ ᠦᠭᠡᠢ ᠪᠣᠯ ᠪᠦᠬᠦᠶᠢᠯᠡ ᠣᠳᠣᠬᠢᠴᠢᠯᠠᠭᠰᠠᠨ ᠬᠦᠴᠦᠷᠬᠡᠭ ᠤᠯᠤᠰ ᠪᠠᠶᠢᠵᠤ ᠴᠢᠳᠠᠬᠤ ᠦᠭᠡᠢ ︔ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠪᠠᠶᠢᠬᠤ ᠦᠭᠡᠢ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠳᠠᠷᠤᠢ ᠪᠦᠬᠦ ᠲᠠᠯ᠎ᠠ ᠶᠢᠨ ᠪᠢᠰᠢ ᠶᠤᠮ ᠃ 2022 ᠣᠨ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠭᠠᠵᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠭᠠᠳ ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠰᠢᠨ᠎ᠡ ᠠᠬᠢᠴᠠ ᠲᠠᠢ ᠪᠣᠯᠪᠠ ᠃ 2022 ᠣᠨ ᠳᠤ ᠂ ᠪᠦᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ︽ ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ︾ ᠤᠯᠵᠤ ᠂ ᠠᠮᠤ ᠪᠤᠳᠠᠭᠠᠨ ᠤ ᠤᠨᠠᠯᠲᠠ 780 ᠳ᠋ᠦᠩᠰᠢᠭᠤᠷ ᠵᠢᠩ ᠳᠤ ᠬᠦᠷᠴᠦ ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠳᠤᠮᠳᠠᠴᠢ ᠤᠨᠠᠯᠲᠠ ᠮᠦ ᠪᠦᠷᠢ ᠳᠤ 748.1 ᠵᠢᠩ ᠳᠤ ᠬᠦᠷᠴᠦ ᠂ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ ︔ ᠮᠠᠯ ᠠᠵᠤ ᠠᠬᠤᠢ ᠶᠢᠨ ᠦᠢᠯᠡᠳᠪᠦᠷᠢᠯᠡᠯ ᠢ ︽ᠠᠷᠪᠠᠨ ᠨᠠᠢᠮᠠᠨ ᠵᠢᠯ ᠳᠠᠷᠠᠭᠠᠯᠠᠨ ᠲᠣᠭᠲᠠᠭᠤᠨ ᠪᠠᠶᠢᠯᠭᠠᠬᠤ︾ ᠶᠢ ᠪᠡᠶᠡᠯᠡᠭᠦᠯᠵᠦ᠂ ᠪᠥᠬᠦ ᠣᠷᠣᠨ ᠤ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 278 ᠲᠦᠮᠡᠨ ᠲᠣᠨ ᠳᠤ ᠬᠦᠷᠴᠦ᠂ ᠦᠨᠢᠶᠡᠨ ᠰᠦ ᠶᠢᠨ ᠭᠠᠷᠤᠯᠲᠠ 734 ᠲᠦᠮᠡᠨ ᠲᠣᠨ ᠳᠤ ᠬᠥᠷᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠳᠤᠬᠢᠷᠠᠭᠤᠯᠵᠤ ᠪᠤᠯᠬᠤᠶᠢᠴᠠ ᠣᠷᠣᠯᠭ᠎ᠠ 19641 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠪᠠ GDP ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠪᠠ︔ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠪᠠ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠡᠬᠢᠯᠡᠯᠲᠡ ᠶᠢᠨ ᠵᠢᠯ ᠮᠥᠨ ᠂ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾ ᠤ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ ᠃ 2 ᠰᠠᠷ᠎ᠠ ᠶᠢᠨ 13  ᠤ ᠡᠳᠦᠷ ᠂ ︽ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠰᠠᠶᠢᠳᠤᠷ ᠬᠢᠬᠦ ᠲᠤᠬᠠᠢ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾  ᠢ ᠨᠡᠶᠢᠭᠡᠮ ᠨᠡᠶᠢᠲᠡ ᠳᠤ ᠢᠯᠡ ᠨᠡᠶᠢᠲᠡᠯᠡᠪᠡ ᠂ ᠡᠨᠡ ᠪᠣᠯ ᠰᠢᠨ᠎ᠡ ᠵᠠᠭᠤᠨ ᠠᠴᠠ ᠨᠠᠭᠠᠰᠢ ᠲᠥᠪ ᠠᠴᠠ ᠵᠠᠯᠭᠠᠭ᠎ᠠ ᠪᠠᠷ ᠨᠡᠶᠢᠲᠡᠯᠡᠭᠰᠡᠨ ᠬᠤᠷᠢᠳᠠᠭᠴᠢ ︽ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾  ᠤ ᠠᠵᠢᠯ ᠢ ᠵᠢᠯᠤᠭᠤᠳᠬᠤ   ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠣᠯᠣᠨ᠎ᠠ ᠂ ᠡᠨᠡ ᠨᠢ ᠨᠠᠮ ᠤᠨ ᠲᠥᠪ ᠬᠤᠷᠢᠶᠠᠨ ᠤ ︽ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾  ᠤ ᠠᠵᠢᠯ ᠢ ᠴᠢᠩᠭᠠᠳᠬᠠᠬᠤ ᠢᠯᠡ ᠲᠣᠳᠣ ᠣᠪᠣᠷ ᠢ ᠳᠠᠬᠢᠨᠲᠠ ᠬᠠᠷᠠᠭᠤᠯᠵᠤ ᠂ ᠲᠠᠷᠢᠶᠠᠯᠠᠩ ᠢ ᠴᠢᠬᠤᠯᠠᠴᠢᠯᠠᠨ ᠲᠠᠷᠢᠶᠠᠯᠠᠩ ᠢ ᠬᠦᠴᠦᠷᠬᠡᠭᠵᠢᠭᠦᠯᠬᠦ ᠴᠢᠩᠭ᠎ᠠ ᠳᠣᠬᠢᠶ᠎ᠠ ᠶᠢ ᠳᠠᠮᠵᠢᠭᠤᠯᠤᠭᠰᠠᠨ ᠪᠠᠶᠢᠨ᠎ᠠ ᠃        ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠦ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠣᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ︽ ᠬᠡᠷᠡᠭᠵᠢᠭᠦᠯᠬᠦ ᠰᠠᠨᠠᠯ ︾  ᠢ ᠲᠣᠭᠲᠠᠭᠠᠨ ᠨᠡᠶᠢᠲᠡᠯᠡᠪᠡ ᠃ ︽ᠬᠡᠷᠡᠭᠵᠢᠭᠦᠯᠬᠦ ᠰᠠᠨᠠᠯ ︾ ᠳᠤ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠶᠢ ᠲᠣᠭᠲᠠᠭᠠᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠷ ᠲᠠᠲᠠᠬᠤ ᠬᠦᠴᠦᠨ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠡᠷᠬᠡᠪᠰᠢ ᠪᠠᠲᠤ ᠰᠠᠬᠢᠬᠤ ᠨᠠᠭᠠᠲᠤ ᠵᠠᠬ᠎ᠠ ᠶᠢᠨ ᠬᠤᠷᠢᠭ᠎ᠠ ᠱᠤᠭᠤᠮ᠂ ᠪᠠᠴᠢᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠤᠨ ᠲᠣᠭᠤᠷᠢᠨ ᠳᠤ᠂ ︽ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ︾ ᠶᠢᠨ ᠲᠣᠭᠤᠷᠢᠨ ᠳᠤ᠂ ᠭᠤᠣᠯᠳᠠᠯᠭ᠎ᠠ ᠲᠠᠢ ᠡᠭᠦᠷᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠢᠮᠠᠭᠲᠠ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠶᠢᠨ ᠪᠠᠶᠢᠷᠢᠨ ᠳᠤ ᠲᠠᠯᠪᠢᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠬᠤ ᠡᠷᠡᠰ ᠵᠣᠷᠢᠭ ᠢ ᠭᠦᠢᠴᠡᠳ ᠢᠯᠡᠷᠡᠭᠦᠯᠪᠡ᠃      ᠬᠥᠲᠥᠯᠥᠭᠴᠢ  ᠄ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠨᠢ ᠶᠠᠭᠤ ᠪᠣᠶ︖      ᠵᠣᠴᠢᠨ ᠭᠦᠸᠧ ᠵᠠᠨ ᠵᠢᠶᠠᠩ᠄ ︽ᠬᠡᠷᠡᠭᠵᠢᠭᠦᠯᠬᠦ ᠰᠠᠨᠠᠯ︾ ᠳᠤ ᠨᠡᠶᠢᠲᠡ 9 ᠬᠡᠰᠡᠭ 39 ᠵᠦᠢᠯ ᠪᠤᠶ᠂ ᠡᠭᠦᠨ ᠤ ᠭᠤᠣᠯ ᠠᠭᠤᠯᠭ᠎ᠠ ᠶᠢ ︽ᠠᠮᠤ ᠪᠤᠳᠠᠭ᠎ᠠ ᠶᠢ ᠲᠣᠭᠲᠠᠪᠤᠷᠢᠵᠢᠭᠤᠯᠬᠤ ᠂ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠬᠤ ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠂ ᠪᠦᠲᠦᠭᠡᠨ ᠪᠠᠶᠢᠭᠤᠯᠤᠯᠲᠠ ᠶᠢ ᠮᠠᠨᠳᠤᠭᠤᠯᠬᠤ᠂ ᠪᠠᠲᠤᠯᠠᠭ᠎ᠠ ᠶᠢ ᠴᠢᠩᠭᠠᠳᠬᠠᠬᠤ︾ ᠭᠡᠵᠦ ᠬᠤᠷᠢᠶᠠᠩᠭᠤᠶᠢᠯᠠᠵᠤ ᠪᠣᠯᠣᠨ᠎ᠠ᠃ ︽ ᠠᠮᠤ ᠪᠤᠳᠠᠭ᠎ᠠ ᠶᠢ ᠲᠣᠭᠲᠠᠪᠤᠷᠢᠵᠢᠭᠤᠯᠬᠤ ︾ ᠳᠤ ᠠᠮᠤ ᠪᠤᠳᠠᠭ᠎ᠠ ᠪᠣᠯᠣᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠴᠢᠩᠭ᠎ᠠ ᠠᠳᠬᠤᠨ ᠰᠠᠶᠢᠲᠤᠷ ᠠᠳᠬᠤᠵᠤ ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠲᠤᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠵᠤ ᠂ ᠪᠦᠬᠦ ᠣᠷᠣᠨ ᠤ ᠠᠮᠤ ᠪᠤᠳᠠᠭᠠᠨ ᠤ ᠤᠨᠠᠯᠲᠠ ᠶᠢ 780 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ ︽ ᠬᠤᠷᠢᠭ᠎ᠠ ᠱᠤᠭᠤᠮ ᠢ ᠰᠠᠬᠢᠬᠤ ︾  ᠳᠤ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠪᠣᠯᠣᠨ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠦᠳᠡᠯᠭᠡᠬᠦ ᠬᠦᠴᠦᠨ ᠢ ᠴᠢᠩᠭᠠᠳᠬᠠᠵᠤ ᠂ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠲᠣᠭᠲᠠᠭᠤᠨ ᠢᠶᠠᠷ ᠲᠡᠭᠦᠯᠳᠡᠷᠵᠢᠭᠦᠯᠵᠦ ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ ᠃ ︽ᠣᠷᠣᠯᠭ᠎ᠠ ᠶᠢᠨ ᠨᠡᠮᠡᠭᠳᠡᠯ ᠢ ᠠᠬᠢᠭᠤᠯᠬᠤ︾ ᠳᠤ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠮᠠᠯᠴᠢᠨ ᠲᠠᠷᠢᠶᠠᠴᠢᠨ ᠳᠤ ᠨᠠᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ ︽ᠪᠦᠲᠦᠭᠡᠨ ᠪᠠᠶᠢᠭᠤᠯᠤᠯᠲᠠ ᠶᠢ ᠮᠠᠨᠳᠤᠭᠤᠯᠬᠤ︾ ᠳᠤ ᠠᠶᠢᠯ ᠲᠣᠰᠬᠤᠨ ᠤ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ︽ᠪᠠᠲᠤᠯᠠᠭ᠎ᠠ ᠶᠢ ᠴᠢᠩᠭᠠᠳᠬᠠᠬᠤ ︾ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠨᠠᠮ ᠤᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃      ᠬᠥᠲᠥᠯᠥᠭᠴᠢ ᠄ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖      ᠵᠣᠴᠢᠨ ᠭᠦᠸᠧ ᠵᠠᠨ ᠵᠢᠶᠠᠩ ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ ᠂ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠬᠤ ᠪᠣᠯ ᠢᠮᠠᠭᠲᠠ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠶᠠᠪᠤᠳᠠᠯ ᠪᠣᠯᠣᠨ᠎ᠠ ᠭᠡᠪᠡ᠃ ︽ᠬᠡᠷᠡᠭᠵᠢᠭᠦᠯᠬᠦ ᠰᠠᠨᠠᠯ︾ ᠳᠤ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠴᠢᠩᠭ᠎ᠠ ᠠᠳᠬᠤᠵᠤ ᠰᠠᠶᠢᠲᠤᠷ ᠠᠳᠬᠤᠬᠤ ᠲᠤᠬᠠᠢ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠲᠤᠳᠬᠠᠪᠠ᠃        ᠬᠠᠷᠠᠯᠲᠠ ᠶᠢᠨ ᠲᠠᠯ᠎ᠠ ᠪᠠᠷ ᠂ ᠭᠤᠣᠯᠳᠠᠯᠭ᠎ᠠ   ᠨᠢ ᠳᠠᠯᠠᠪᠠᠢ ᠶᠢ ᠲᠣᠭᠲᠠᠪᠤᠷᠢᠵᠢᠭᠤᠯᠤᠨ ᠂ ᠳᠠᠯᠠᠪᠠᠢ  ᠨᠢᠭᠡᠴᠢ ᠶᠢᠨ ᠤᠨᠠᠯᠳᠠ ᠶᠢ ᠨᠢ ᠲᠡᠭᠡᠭᠰᠢᠯᠡᠬᠦᠯᠦᠨ ᠂ ᠭᠠᠷᠤᠯᠲᠠ ᠶᠢ ᠨᠢ ᠢᠯᠡᠭᠦᠬᠡᠨ ᠨᠡᠮᠡᠭᠳᠡᠭᠦᠯᠬᠦ ᠪᠠᠷ ᠴᠢᠷᠮᠠᠶᠢᠨ᠎ᠠ ᠃ ᠨᠢᠭᠡ ᠳᠤ ᠲᠠᠯᠠᠪᠠᠢ ᠶᠢ ᠲᠣᠭᠲᠠᠭᠤᠨ ᠪᠠᠶᠢᠯᠭᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠠᠯᠲᠠᠲᠤ ᠡᠭᠦᠷᠭᠡ ᠶᠢ ᠦᠷᠭᠦᠯᠵᠢᠯᠡᠨ ᠡᠯ᠎ᠡ ᠠᠶᠢᠮᠠᠭ ᠬᠤᠲᠠ ᠳᠤ ᠪᠠᠭᠤᠯᠭᠠᠵᠤ᠂ ᠣᠷᠣᠨ ᠪᠦᠰᠡ ᠬᠤᠪᠢᠶᠠᠨ ᠰᠢᠷ᠎ᠠ ᠪᠤᠷᠴᠠᠭ᠂ ᠡᠷᠳᠡᠨᠢ ᠰᠢᠰᠢ ᠵᠡᠷᠭᠡ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠢ ᠳᠡᠯᠭᠡᠷᠡᠭᠦᠯᠵᠦ᠂ ᠠᠮᠤ ᠬᠠᠳᠠᠭᠠᠯᠠᠬᠤ ᠲᠠᠷᠢᠶ᠎ᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠪᠥᠬᠦ ᠣᠷᠣᠨ ᠤ ᠠᠮᠤ ᠪᠤᠳᠠᠭᠠᠨ ᠤ ᠤᠨᠠᠯᠲᠠ ᠶᠢ 780 ᠳ᠋ᠦᠩᠰᠢᠭᠤᠷ ᠵᠢᠩ ᠣᠷᠴᠢᠮ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠰᠢᠷ᠎ᠠ ᠪᠤᠷᠴᠠᠭ  ᠲᠣᠰᠣᠯᠢᠭ ᠲᠠᠷᠢᠮᠠᠯ ᠢ ᠦᠷᠭᠡᠳᠬᠡᠨ ᠳᠠᠷᠢᠵᠤ ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠥᠷᠥᠯ ᠵᠦᠢᠯ ᠢ ᠬᠡᠷᠡᠭᠵᠢᠭᠦᠯᠦᠨ᠂ ᠬᠤᠵᠢᠷᠯᠢᠭ ᠭᠠᠵᠠᠷ ᠢ ᠠᠰᠢᠭᠯᠠᠨ ᠰᠢᠷ᠎ᠠ ᠪᠤᠷᠴᠠᠭ ᠳᠠᠷᠢᠬᠤ ᠶᠢ ᠰᠦᠪᠡᠭᠴᠢᠯᠡᠵᠦ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠡᠢ ᠰᠤᠯᠢᠪᠴᠠᠯ ᠲᠠᠷᠢᠶᠠᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠯᠢᠮᠳᠡᠭ ᠤᠨ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠎ᠠ᠃ ᠬᠤᠶᠠᠷ ᠲᠤ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠡᠷᠡᠭᠵᠢᠭᠦᠯᠬᠦ ᠰᠠᠨᠠᠯ︾ ᠳᠤ᠂ ᠤᠯᠤᠰ ᠤᠨ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ 300 ᠲᠦᠮᠡᠨ ᠮᠦ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 2023 ᠣᠨ ᠳᠤ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 2000 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠣᠲᠣ ᠦᠶ᠎ᠡ ᠶᠢᠨ ᠲᠦᠭᠦᠭᠡᠷᠦᠮᠵᠢᠲᠦ ᠲᠠᠷᠢᠶᠠᠯᠠᠩ ᠢ ᠲᠦᠷᠭᠡᠳᠬᠡᠨ ᠬᠥᠭᠵᠢᠭᠦᠯᠵᠦ᠂ ᠲᠦᠭᠦᠭᠡᠷᠦᠮᠵᠢᠲᠦ ᠲᠠᠷᠢᠶᠠᠯᠠᠩ ᠤᠨ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ᠂ ᠲᠦᠭᠦᠭᠡᠷᠦᠮᠵᠢᠲᠦ ᠲᠠᠷᠢᠶᠠᠯᠠᠩ ᠤᠨ ᠲᠠᠯᠠᠪᠠᠶ ᠶᠢ 20 ᠲᠦᠮᠡᠨ ᠮᠦ ᠣᠷᠴᠢᠮ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠣᠲᠣ ᠦᠶ᠎ᠡ ᠶᠢᠨ ᠲᠦᠭᠦᠭᠡᠷᠦᠮᠵᠢᠲᠦ ᠮᠠᠯ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠥᠷᠭᠡᠳᠬᠡᠨ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠶᠢ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠣᠷᠣᠨ ᠲᠡᠶᠢᠰᠢ ᠲᠥᠪᠯᠡᠷᠡᠭᠦᠯᠬᠦ ᠶᠢ ᠠᠬᠢᠭᠤᠯᠵᠤ᠂ ᠳᠠᠪᠠᠭᠤᠯᠢᠭ ᠣᠷᠣᠨ ᠤ ᠭᠠᠭ᠋ᠠᠢ ᠲᠡᠵᠢᠭᠡᠬᠦ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠪᠤᠷᠢᠵᠢᠭᠤᠯᠤᠨ᠎ᠠ᠃ ᠲᠣᠮᠣ ᠢᠳᠡᠭᠡᠨ ᠤ ᠦᠵᠡᠯᠲᠡ ᠶᠢ ᠪᠤᠢ ᠪᠣᠯᠭᠠᠵᠤ ᠂ ᠤᠯᠠᠨ ᠡᠰᠢᠴᠢᠯᠡᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠲᠦᠷᠭᠡᠨ ᠪᠠᠶᠢᠭᠤᠯᠵᠤ ᠂ ︽ ᠬᠤᠯᠢᠰᠢᠨ ᠢᠳᠡᠭᠡᠨ ︾  ᠤ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃        ᠠᠷᠭ᠎ᠠ ᠬᠡᠮᠵᠢᠶ᠎ᠡ ᠶᠢᠨ ᠲᠠᠯ᠎ᠠ ᠪᠠᠷ ᠂ ᠭᠠᠵᠠᠷ ᠰᠢᠷᠣᠢ ᠪᠠᠷ ᠠᠮᠤ ᠪᠤᠳᠠᠭ᠎ᠠ ᠶᠢ ᠪᠠᠲᠤᠯᠠᠬᠤ᠂ ᠮᠠᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢᠨ ᠪᠣᠳᠠᠰ ᠤᠨ ᠰᠠᠭᠤᠷᠢ ᠶᠢ ᠭᠤᠣᠯᠳᠠᠯᠭ᠎ᠠ ᠲᠠᠢ ᠪᠠᠷ ᠴᠢᠩᠭᠠᠳᠬᠠᠨ᠎ᠠ ᠃ ᠨᠢᠭᠡ ᠳᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠬᠡᠷᠡᠭᠯᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ ᠂ ᠲᠠᠷᠢᠶᠠᠨ ᠭᠠᠵᠠᠷ ᠢ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠲᠥᠯᠦᠪᠵᠢᠭᠦᠯᠭᠡ ᠶᠢ ᠲᠣᠭᠲᠠᠭᠠᠵᠤ ᠂ 395 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠬᠤᠶᠠᠷ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠭᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠨ᠎ᠠ ᠃ ᠲᠠᠷᠢᠶᠠᠯᠠᠩ ᠮᠠᠯ ᠠᠵᠤ ᠠᠬᠤᠢ ᠶᠢᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠳᠤᠯᠤᠯᠳᠠ ᠶᠢ ᠠᠬᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠡᠭᠦᠯᠳᠡᠷ ᠪᠣᠶᠢᠵᠢᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠨ᠎ᠡ᠃ ᠲᠠᠷᠢᠶᠠᠯᠠᠩ ᠤᠨ ᠮᠠᠰᠢᠨ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ ᠴᠢᠩᠭᠠᠳᠬᠠᠵᠤ ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠠᠵᠢᠯᠯᠠᠬᠤ ᠬᠡᠮᠵᠢᠶ᠎ᠡ ᠶᠢ ᠨᠥᠬᠦᠪᠦᠷᠢ ᠲᠠᠢ ᠪᠦᠲᠦᠮᠵᠢᠲᠡᠢ ᠪᠠᠷ ᠬᠤᠯᠪᠣᠭᠳᠠᠭᠤᠯᠬᠤ ᠶᠢ ᠲᠦᠯᠬᠢᠨ ᠠᠬᠢᠭᠤᠯᠤᠨ᠎ᠠ ᠃        ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠂ ᠲᠠᠷᠢᠶᠠᠴᠢᠳ ᠤᠨ ᠠᠮᠤ ᠪᠤᠳᠠᠭ᠎ᠠ ᠲᠠᠷᠢᠵᠦ ᠵᠣᠭᠤᠰ ᠮᠦᠩᠭᠦ ᠤᠯᠵᠤ ᠦᠷ᠎ᠡ ᠠᠰᠢᠭ ᠬᠦᠷᠲᠡᠬᠦ ᠂ ᠣᠷᠣᠨ ᠨᠤᠲᠤᠭ ᠤᠨ ᠬᠢᠨ ᠠᠮᠤ ᠪᠤᠳᠠᠭ᠎ᠠ ᠶᠢ ᠠᠳᠬᠤᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠴᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠣᠯᠭᠠᠵᠤ ᠂ ᠣᠷᠣᠨ ᠨᠤᠲᠤᠭ ᠤᠨ ᠬᠢᠨ ᠤ ᠠᠮᠤ ᠪᠤᠳᠠᠭ᠎ᠠ ᠠᠳᠬᠤᠬᠤ ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ ᠨᠢᠭᠡ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠶᠢ ᠴᠢᠩᠭᠠᠳᠬᠠᠵᠤ ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠷ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠶᠠᠷ ᠲᠤ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠠᠳᠬᠤᠨ᠎ᠠ᠃ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠭᠤᠷᠪᠠᠨ ᠶᠡᠭᠡ ᠭᠤᠣᠯ ᠠᠮᠤ ᠪᠤᠳᠠᠭᠠᠨ ᠤ ᠤᠷᠤᠨ ᠳᠤ ᠪᠦᠬᠦ ᠥᠪᠡᠷ ᠤᠨ ᠦᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃ ᠠᠮᠤ ᠪᠤᠳᠠᠭᠠᠨ ︵ ᠲᠣᠰᠤ︶ ᠤ ᠭᠠᠷᠤᠯᠲᠠ ᠶᠡᠬᠡᠲᠡᠢ ᠰᠢᠶᠠᠨ ᠢ ᠱᠠᠩᠨᠠᠨ ᠬᠥᠬᠢᠭᠦᠯᠬᠦ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠶᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃      ᠬᠥᠲᠥᠯᠥᠭᠴᠢ᠄ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠰᠠᠬᠢᠬᠤ ᠲᠠᠯ᠎ᠠ ᠪᠠᠷ᠂ ᠮᠠᠨ ᠤ ᠣᠷᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖      ᠵᠣᠴᠢᠨ ᠭᠦᠸᠧ ᠵᠠᠨ ᠵᠢᠶᠠᠩ ᠄ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠪᠣᠯᠣᠨ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠦᠳᠡᠯᠭᠡᠬᠦ ᠬᠦᠴᠦᠨ ᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ︽ᠬᠡᠷᠡᠭᠵᠢᠭᠦᠯᠬᠦ ᠰᠠᠨᠠᠯ︾ ᠳᠤ ᠶᠠᠳᠠᠭᠤ   ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠨᠠᠭᠠᠲᠤ ᠵᠠᠬ᠎ᠠ ᠶᠢᠨ ᠡᠭᠦᠷᠭᠡ ᠶᠢᠨ ᠨᠢᠭᠡ ᠪᠣᠯᠭᠠᠵᠤ ᠦᠷᠭᠦᠯᠵᠢᠯᠡᠨ ᠴᠢᠬᠤᠯᠠᠴᠢᠯᠠᠨ ᠪᠠᠶᠢᠷᠢᠯᠠᠭᠤᠯᠪᠠ᠃ ᠨᠢᠭᠡ ᠳᠤ ᠬᠢᠨᠠᠨ ᠬᠡᠮᠵᠢᠵᠦ ᠬᠠᠪᠰᠤᠷᠤᠨ ᠲᠡᠳᠬᠦᠵᠦ ᠨᠠᠶᠢᠳᠠᠪᠤᠷᠢᠵᠢᠭᠤᠯᠤᠯᠳᠠ ᠶᠢ ᠠᠳᠬᠤᠨ᠎ᠠ ᠃ ᠡᠳᠦᠷ ᠲᠤᠲᠤᠮ ᠤᠨ ᠬᠥᠳᠡᠯᠦᠩᠭᠦᠢ ᠪᠠᠷ ᠬᠢᠨᠠᠨ ᠬᠡᠮᠵᠢᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠶᠢ ᠬᠡᠷᠡᠭᠵᠢᠭᠦᠯᠵᠦ᠂ ᠢᠯᠭᠠᠨ ᠲᠠᠨᠢᠬᠤ ᠶᠢᠨ ᠨᠠᠷᠢᠯᠢᠭ ᠣᠨᠣᠪᠴᠢᠲᠤ ᠴᠢᠨᠠᠷ᠂ ᠬᠠᠪᠰᠤᠷᠤᠨ ᠲᠡᠳᠬᠦᠬᠦ ᠴᠢᠭᠯᠡᠭᠦᠯᠦᠯᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠢᠵᠢᠭ ᠠᠴᠠ ᠪᠣᠯᠵᠤ ᠡᠪᠡᠳᠴᠢᠨ ᠠᠴᠠ ᠪᠣᠯᠵᠤ ᠭᠠᠮᠰᠢᠭ ᠠᠴᠠ ᠪᠤᠯᠵᠤ ᠳᠠᠬᠢᠨ ᠶᠠᠳᠠᠭᠤᠷᠠᠬᠤ   ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠨ᠎ᠠ᠃ ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ ᠲᠠᠢ᠂ ᠬᠦᠰᠡᠯ ᠡᠷᠡᠮᠡᠯᠵᠡᠯ ᠲᠠᠢ ᠬᠢᠨᠠᠨ ᠰᠢᠯᠭᠠᠬᠤ ᠡᠷᠦᠬᠡ ᠳᠤ ᠨᠡᠭᠡᠭᠡᠨ ᠬᠥᠭᠵᠢᠭᠦᠯᠬᠦ ᠮᠠᠶ᠋ᠢᠭ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠡᠪᠡᠳᠴᠢᠨ ᠡᠮᠭᠡᠭ ᠪᠠ ᠵᠡᠮᠳᠡᠭ ᠠᠴᠠ ᠪᠣᠯᠵᠤ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠤᠶᠤ ᠬᠥᠳᠡᠯᠮᠦᠷᠢᠯᠡᠬᠦ ᠴᠢᠳᠠᠪᠤᠷᠢ ᠦᠭᠡᠢ ᠪᠣᠯᠤᠭᠰᠠᠨ ᠪᠠᠶᠢᠪᠠᠯ᠂ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠨ᠎ᠡ᠃ ᠬᠤᠶᠠᠷ ᠲᠤ ᠬᠥᠭᠵᠢᠯᠲᠡ ᠶᠢᠨ ᠬᠦᠳᠡᠯᠭᠡᠬᠦ ᠬᠦᠴᠦᠨ ᠤ ᠪᠤᠶᠢᠵᠢᠭᠤᠯᠤᠯᠳᠠ ᠶᠢ ᠠᠳᠬᠤᠨ᠎ᠠ ᠃ ᠶᠠᠳᠠᠭᠤ ᠠᠴᠠ ᠠᠩᠭᠢᠵᠢᠷᠠᠭᠤᠯᠬᠤ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠᠷ ᠦᠨᠳᠦᠰᠦᠨ ᠱᠠᠭᠠᠷᠳᠠᠯᠭ᠎ᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠬᠤᠰᠢᠭᠤ ᠰᠢᠶᠠᠨ ᠤ ᠬᠥᠭᠵᠢᠯᠲᠡ ᠶᠢ ᠲᠦᠷᠭᠡᠳᠬᠡᠬᠦ ᠶᠢ ᠠᠬᠢᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠵᠣᠷᠢᠭ ᠰᠠᠨᠠᠭ᠎ᠠ ᠶᠢ ᠲᠡᠳᠬᠦᠨ ᠣᠶᠤᠨ ᠢ ᠲᠡᠳᠬᠦᠬᠦ ᠶᠢ ᠨᠠᠩ ᠢᠯᠡᠭᠦᠦ ᠴᠢᠬᠤᠯᠠᠴᠢᠯᠠᠵᠤ᠂ ᠠᠵᠤ ᠦᠢᠯᠡᠰ ᠤᠨ ᠠᠵᠢᠯ ᠣᠯᠭᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠣᠷᠣᠯᠭ᠎ᠠ ᠶᠢᠨ ᠵᠥᠷᠢᠶ᠎ᠡ᠂ ᠬᠥᠭᠵᠢᠯᠲᠡ ᠶᠢᠨ ᠵᠥᠷᠢᠶ᠎ᠡ ᠶᠢ ᠲᠠᠰᠤᠷᠠᠯᠲᠠ ᠦᠭᠡᠢ ᠪᠠᠭᠠᠰᠬᠠᠵᠤ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠤᠯᠬᠤ ᠣᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠦᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠮᠡᠷᠭᠡᠵᠢᠯ᠂ ᠲᠥᠬᠦᠭᠡᠷᠦᠮᠵᠢ᠂ ᠡᠵᠡᠩᠨᠡᠯᠲᠡ ᠪᠣᠷᠣᠯᠠᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠬᠦ ᠶᠢ ᠭᠤᠣᠯᠳᠠᠯᠭ᠎ᠠ ᠲᠠᠢ ᠳᠡᠮᠵᠢᠨ᠎ᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠯᠭᠤᠯᠳᠠ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢᠨ ᠬᠡᠪᠴᠢᠶ᠎ᠡ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠭᠤᠷᠪᠠ ᠳᠤ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢᠨ ᠲᠡᠬᠦᠯᠳᠡᠷᠵᠢᠬᠦᠯᠦᠯᠳᠡ ᠶᠢ ᠠᠳᠬᠤᠨ᠎ᠠ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠦᠷᠭᠦᠯᠵᠢᠯᠡᠨ ᠴᠢᠩᠭᠠᠳᠬᠠᠵᠤ ᠂ ᠣᠨᠳᠣᠣ ᠭᠠᠵᠠᠷ ᠲᠤ ᠨᠡᠭᠦᠯᠭᠡᠵᠦ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠢ ᠳᠡᠮᠵᠢᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠨ᠎ᠠ ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠵᠡᠷᠭᠡ ᠬᠠᠪᠰᠤᠷᠤᠨ ᠲᠡᠳᠬᠦᠬᠦ ᠲᠣᠭᠲᠠᠴᠠ ᠶᠢ ᠭᠦᠨᠵᠡᠭᠡᠶᠢᠷᠡᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠬᠦ ︽ ᠳᠣᠬᠢᠭᠤᠷ ︾ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠎ᠠ ᠃      ᠬᠥᠲᠥᠯᠥᠭᠴᠢ᠄ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠲᠠᠯ᠎ᠠ ᠪᠠᠷ ᠶᠠᠮᠠᠷ ᠶᠠᠮᠠᠷ ᠠᠰᠢᠭᠲᠠᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠣᠶ︖      ᠵᠣᠴᠢᠨ ᠭᠦᠸᠧ ᠵᠠᠨ ᠵᠢᠶᠠᠩ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠠᠪᠤᠳᠠᠯ ᠢ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ᠤ ᠠᠵᠢᠯ ᠤᠨ ᠭᠤᠣᠯ ᠡᠭᠦᠷᠭᠡ ᠪᠣᠯᠭᠠᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ ᠃ ᠡᠭᠦᠨ ᠳᠤ᠂ ︽ᠬᠡᠷᠡᠭᠵᠢᠭᠦᠯᠬᠦ ᠰᠠᠨᠠᠯ︾ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠳᠣᠣᠷᠠᠬᠢ ᠳᠥᠷᠪᠡᠨ ᠲᠠᠯ᠎ᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄      ᠨᠢᠭᠡ ᠳᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠴᠠᠯᠢᠩ ᠤᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠦᠨ᠎ᠡ ᠃ ᠮᠠᠨ ᠤ ᠣᠷᠣᠨ ᠤ ᠮᠠᠯᠴᠢᠨ ᠲᠠᠷᠢᠶᠠᠴᠢᠨ ᠤ ᠴᠠᠯᠢᠩ ᠤᠨ ᠴᠢᠨᠠᠷᠲᠠᠢ ᠣᠷᠣᠯᠭ᠎ᠠ ᠪᠠᠰᠠ ᠮᠠᠰᠢ ᠶᠡᠭᠡ ᠨᠡᠮᠡᠭᠳᠡᠬᠦ ᠣᠷᠣᠨ ᠵᠠᠢ ᠲᠠᠢ ᠪᠠᠶᠢᠨ᠎ᠠ᠃ ᠤᠯᠤᠰ ᠤᠨ ᠡᠯ᠎ᠡ ᠵᠦᠢᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠠᠵᠢᠯ ᠣᠯᠭᠤᠯᠲᠠ ᠶᠢᠨ ᠪᠣᠯᠪᠠᠰᠤᠷᠠᠯ ᠢ ᠴᠢᠩᠭᠠᠳᠬᠠᠵᠤ ᠂ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ ᠂ ᠠᠵᠢᠯ ᠣᠯᠭᠤᠯᠲᠠ ᠶᠢᠨ ᠠᠵᠠ ᠲᠣᠬᠢᠶᠠᠯ ᠢ ᠡᠭᠦᠳᠴᠦ ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ᠎ᠠ᠃ ᠡᠭᠦᠨ ᠤ ᠬᠠᠮᠲᠤ᠂ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠡᠷᠳᠡᠨᠢ ᠰᠢᠰᠢ᠂ ᠰᠦ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ᠂ ᠢᠮᠠᠭᠠᠨ ᠨᠤᠤᠯᠤᠭᠤᠷ ᠂ ᠲᠥᠮᠥᠰᠥ᠂ ᠲᠡᠵᠢᠭᠡᠯ ᠡᠪᠡᠰᠦ ᠪᠣᠷᠳᠤᠭ᠎ᠠ ᠵᠡᠷᠭᠡ 7 ᠲᠣᠮᠣ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠬᠦᠴᠦᠷᠬᠡᠭᠵᠢᠭᠦᠯᠦᠨ ᠬᠡᠯᠬᠢᠶᠡᠰᠦ ᠶᠢ ᠨᠥᠬᠦᠪᠦᠷᠢᠯᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ ᠢ ᠰᠢᠩᠭᠡᠬᠡᠨ ᠠᠪᠴᠤ ᠣᠶᠢᠷ᠎ᠠ ᠬᠠᠪᠢ ᠳᠤᠨᠢ ᠲᠤᠬᠠᠢ ᠶᠢᠨ ᠭᠠᠵᠠᠷ ᠲᠤᠨᠢ ᠠᠵᠢᠯ ᠣᠯᠭᠤᠨ᠎ᠠ᠃        ᠬᠤᠶᠠᠷ ᠲᠤ ᠡᠵᠡᠩᠨᠡᠯᠲᠡ ᠶᠢᠨ ᠦᠷ᠎ᠡ ᠠᠰᠢᠭ ᠢ ᠨᠡᠮᠡᠭᠳᠡᠭᠦᠯᠵᠦ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠳᠡᠭᠡᠭᠰᠢᠯᠡᠭᠦᠯᠦᠨ᠎ᠡ᠃ ᠮᠠᠨ ᠤ ᠣᠷᠣᠨ ᠤ ᠭᠡᠷ ᠪᠦᠯᠢ ᠶᠢᠨ ᠡᠵᠡᠩᠨᠡᠯᠲᠡ ᠶᠢᠨ ᠴᠡᠪᠡᠷ ᠣᠷᠣᠯᠭ᠎ᠠ ᠪᠣᠯ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢᠨ ᠭᠤᠣᠯ ᠬᠦᠴᠦᠨ ᠪᠣᠯᠣᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠷᠰᠢᠶ᠎ᠠ᠂ ᠵᠢᠱᠢᠶ᠎ᠡ ᠦᠵᠡᠭᠦᠯᠬᠦ ᠬᠤᠷᠰᠢᠶ᠎ᠠ ᠪᠠ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠲᠤ ᠢᠳᠡᠪᠬᠢᠲᠡᠢ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠣᠯᠠᠨ ᠭᠤᠭᠴᠤᠭ᠎ᠠ᠂ ᠪᠥᠬᠦ ᠶᠠᠪᠤᠴᠠ ᠶᠢᠨ ᠦᠢᠯᠡᠳᠪᠦᠷᠢᠯᠡᠯ ᠢ ᠨᠠᠶᠢᠳᠠᠨ ᠬᠠᠮᠢᠶᠠᠷᠤᠭᠤᠯᠬᠤ ᠵᠡᠷᠭᠡ ᠦᠢᠯᠡᠴᠢᠯᠡᠭᠡᠨ ᠤ ᠵᠠᠭᠪᠤᠷ ᠢ ᠬᠥᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠵᠢᠵᠢᠭ ᠮᠠᠯᠴᠢᠨ ᠡᠷᠦᠬᠡ ᠶᠢ ᠳᠠᠶᠢᠴᠢᠯᠠᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠡᠵᠡᠩᠨᠡᠨ ᠪᠣᠷᠣᠯᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃        ᠭᠤᠷᠪᠠ ᠳᠤ ᠡᠳ᠋ ᠬᠥᠷᠥᠩᠭᠡ ᠶᠢᠨ ᠡᠷᠬᠡ ᠣᠯᠭᠤᠯᠲᠠ ᠪᠠᠷ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠦᠨ᠎ᠡ ᠃ ᠮᠠᠨ ᠤ ᠣᠷᠣᠨ ᠤ ᠡᠳ᠋ ᠬᠥᠷᠥᠩᠭᠡ ᠶᠢᠨ ᠴᠡᠪᠡᠷ ᠣᠷᠣᠯᠭ᠎ᠠ ᠳᠤ ᠪᠠᠰᠠ ᠮᠠᠰᠢ ᠶᠡᠭᠡ ᠳᠠᠯᠳᠠ ᠬᠦᠴᠦᠨ ᠲᠠᠢ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠷᠬᠡ ᠣᠯᠭᠤᠬᠤ ᠶᠢ ᠯᠠᠪᠳᠠᠭᠤᠨ ᠢᠶᠠᠷ ᠠᠬᠢᠭᠤᠯᠤᠨ᠂ ᠠᠮᠢᠳᠤᠯᠢᠭ ᠡᠷᠬᠡ ᠶᠢ ᠡᠮᠬᠢ ᠵᠢᠷᠤᠮ ᠲᠠᠢ ᠪᠡᠶᠡᠯᠡᠭᠦᠯᠵᠦ᠂ ᠮᠠᠯᠴᠢᠨ ᠲᠠᠷᠢᠶᠠᠴᠢᠨ ᠳᠤ ᠨᠠᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠵᠤ᠂ ᠨᠥᠬᠦᠴᠡᠯ ᠡᠭᠦᠳᠴᠦ ᠪᠠᠶᠢᠭᠠᠳ ᠮᠠᠯᠴᠢᠨ ᠲᠠᠷᠢᠶᠠᠴᠢᠨ ᠤ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠵᠦ᠂ ᠮᠠᠯᠴᠢᠨ ᠲᠠᠷᠢᠶᠠᠴᠢᠨ ᠳᠤ ᠥᠭᠡᠷᠡᠴᠢᠯᠡᠯᠲᠡ ᠶᠢᠨ ᠠᠰᠢᠭ ᠢ ᠨᠠᠩ ᠢᠯᠡᠭᠦᠦ ᠡᠳ᠋ᠯᠡᠭᠦᠯᠦᠨ᠎ᠡ ᠃        ᠳᠥᠷᠪᠡ ᠳᠤ ᠰᠢᠯᠵᠢᠯᠲᠡ ᠶᠢᠨ ᠴᠢᠨᠠᠷᠲᠠᠢ ᠣᠷᠣᠯᠭ᠎ᠠ ᠶᠢ ᠲᠦᠷᠦ ᠶᠢᠨ ᠪᠣᠳᠣᠯᠭ᠎ᠠ ᠪᠠᠷ ᠪᠠᠲᠤᠯᠠᠨ᠎ᠠ ᠃ ᠮᠠᠨ ᠤ ᠣᠷᠣᠨ ᠤ ᠰᠢᠯᠵᠢᠭᠦᠯᠦᠭᠰᠡᠨ ᠴᠡᠪᠡᠷ ᠣᠷᠣᠯᠭ᠎ᠠ ᠪᠣᠯ ᠮᠠᠯᠴᠢᠨ ᠲᠠᠷᠢᠶᠠᠴᠢᠨ ᠢᠯᠠᠩᠭᠤᠶ᠎ᠠ ᠶᠠᠳᠠᠭᠤ   ᠠᠴᠠ ᠠᠩᠭᠢᠵᠢᠷᠠᠭᠰᠠᠨ ᠬᠥᠮᠥᠨ ᠠᠮᠠ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠣᠷᠣᠯᠭ᠎ᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠥᠬᠦᠪᠦᠷᠢ ᠦᠭᠬᠦ ᠶᠢ ᠦᠷᠭᠦᠯᠵᠢᠯᠡᠨ ᠢᠳᠡᠪᠬᠢᠯᠡᠨ ᠣᠯᠵᠤ᠂ ᠮᠠᠯᠴᠢᠨ ᠲᠠᠷᠢᠶᠠᠴᠢᠳ ᠤᠨ ᠰᠢᠯᠵᠢᠯᠲᠡ ᠶᠢᠨ ᠴᠢᠨᠠᠷᠲᠠᠢ ᠣᠷᠣᠯᠭ᠎ᠠ  ᠵᠢᠯ ᠳᠠᠷᠠᠭᠠᠯᠠᠨ ᠨᠡᠮᠡᠭᠳᠡᠬᠦ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ ᠰᠠᠶᠢᠲᠤᠷ ᠲᠠᠶᠢᠯᠪᠤᠷᠢᠯᠠᠨ᠂ ᠨᠥᠬᠦᠪᠦᠷᠢ ᠶᠢᠨ ᠲᠠᠩᠰᠠ ᠶᠢ ᠰᠠᠶᠢᠲᠤᠷ ᠪᠤᠳᠤᠵᠤ᠂ ᠮᠠᠯᠴᠢᠨ ᠲᠠᠷᠢᠶᠠᠴᠢᠨ ᠢ ᠣᠷᠣᠯᠭ᠎ᠠ ᠶᠢᠨ ᠨᠡᠮᠡᠭᠳᠡᠯᠳᠡ ᠳᠤ ᠪᠠᠳᠤ ᠢᠳᠡᠭᠡᠯ ᠲᠠᠢ ᠪᠤᠯᠭᠠᠨ᠎ᠠ ᠃      ᠬᠥᠲᠥᠯᠥᠭᠴᠢ᠄ ᠬᠥᠳᠡᠭᠡ ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠠᠬᠢᠭᠤᠯᠬᠤ ᠪᠣᠶ︖ ᠶᠠᠮᠠᠷ ᠶᠠᠮᠠᠷ ᠭᠤᠣᠯᠳᠠᠯᠭ᠎ᠠ ᠲᠠᠢ ᠡᠭᠦᠷᠭᠡ ᠪᠠᠶᠢᠬᠤ ᠪᠤᠢ ︖      ᠵᠣᠴᠢᠨ ᠭᠦᠸᠧ ᠵᠠᠨ ᠵᠢᠶᠠᠩ᠄ ᠨᠢᠳᠤᠨᠤᠨ ᠤ ᠵᠢᠯ ᠤᠨ ᠡᠴᠦᠰ ᠲᠤ ᠬᠤᠷᠠᠯᠳᠤᠭᠰᠠᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯᠳᠤᠭᠠᠨ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃ ︽ᠬᠡᠷᠡᠭᠵᠢᠭᠦᠯᠬᠦ ᠰᠠᠨᠠᠯ︾ ᠳᠤ ᠡᠭᠦᠨ ᠢ ᠦᠨᠳᠦᠰᠦᠯᠡᠨ ᠬᠥᠳᠡᠭᠡ ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠣᠳᠠᠲᠠᠢ ᠪᠠᠶᠢᠷᠢᠯᠠᠭᠤᠯᠤᠯᠲᠠ ᠬᠢᠵᠦ᠂ ᠭᠤᠷᠪᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠪᠠ᠃        ᠨᠢᠭᠡ ᠳᠤ ᠣᠨᠴᠠᠯᠢᠭ ᠢ ᠢᠯᠡᠷᠡᠭᠦᠯᠬᠦ ᠳᠡᠭᠡᠷ᠎ᠡ ᠬᠦᠴᠦ ᠲᠠᠯᠪᠢᠨ᠎ᠠ ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠪᠣᠯ ᠨᠢᠭᠡ ᠭᠠᠵᠠᠷ ᠣᠷᠣᠨ ᠤ ᠬᠥᠷᠥᠰᠥ ᠰᠢᠷᠣᠢ ᠶᠢ ᠰᠠᠶᠢᠲᠤᠷ ᠠᠰᠢᠭᠯᠠᠵᠤ ᠂ ᠨᠤᠲᠤᠭ ᠤᠰᠤᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠠᠪᠤᠳᠠᠯ ᠪᠣᠯᠣᠨ᠎ᠠ ᠃ ᠡᠭᠦᠯᠳᠡᠷ ᠢ ᠪᠣᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ᠪᠠ ᠰᠦ ᠶᠢᠨ ᠦᠢᠯᠡᠰ ᠮᠢᠬᠠᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠦᠷᠢᠮ ᠢ ᠲᠣᠭᠲᠠᠭᠠᠵᠤ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ᠂ ᠢᠮᠠᠭᠠᠨ ᠨᠤᠤᠯᠤᠭᠤᠷ ᠂ ᠲᠡᠵᠢᠭᠡᠯ ᠡᠪᠡᠰᠦ ᠪᠣᠷᠳᠤᠭ᠎ᠠ ᠵᠡᠷᠭᠡ ᠠᠵᠤ ᠦᠢᠯᠡᠰ ᠤᠨ ᠬᠡᠯᠬᠢᠶ᠎ᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃        ᠬᠤᠶᠠᠷ ᠲᠤ ᠠᠵᠤ ᠦᠢᠯᠡᠰ ᠢ ᠠᠭᠤᠰᠤᠯᠴᠠᠭᠤᠯᠬᠤ ᠳᠡᠭᠡᠷ᠎ᠡ ᠬᠦᠴᠦ ᠲᠠᠯᠪᠢᠨ᠎ᠠ᠃ ᠭᠤᠯᠳᠤ ᠴᠢᠭᠯᠡᠯ ᠢᠶᠠᠷ ᠂ ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠶᠢ ᠨᠡᠪᠲᠡᠷᠡᠭᠦᠯᠦᠨ᠎ᠡ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠦᠢᠯᠡᠰ ᠪᠣᠯᠣᠨ ᠭᠦᠢᠯᠭᠡᠭᠡᠨ ᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠤᠷᠢᠳᠴᠢᠯᠠᠨ ᠬᠢᠭᠰᠡᠨ ᠨᠣᠭᠤᠭ᠎ᠠ ᠵᠠᠭᠤᠰᠢ ᠵᠡᠷᠭᠡ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠶᠡᠬᠡᠪᠡᠷ ᠬᠥᠭᠵᠢᠭᠦᠯᠦᠨ ᠂ ᠦᠬᠡᠷ ᠬᠤᠨᠢᠨ ᠮᠢᠬ᠎ᠠ ᠶᠢ ᠨᠠᠷᠢᠯᠢᠭ ᠰᠠᠯᠭᠠᠬᠤ ᠂ ᠬᠦᠢᠲᠡᠨ ᠰᠢᠨ᠎ᠡ ᠮᠢᠬ᠎ᠠ ᠪᠣᠯᠪᠠᠰᠤᠷᠠᠭᠤᠯᠬᠤ᠂ ᠪᠤᠯᠭᠤᠭᠰᠠᠨ ᠢᠳᠡᠭᠡᠨ ᠦᠢᠯᠡᠳᠬᠦ ᠶᠢ ᠬᠥᠭᠵᠢᠭᠦᠯᠵᠦ ᠂ ︽ ᠮᠠᠯ  ᠲᠡᠭᠡᠭᠡᠪᠦᠷᠢᠯᠡᠬᠦ︾ ᠶᠢ ︽ᠮᠢᠬ᠎ᠠ ᠲᠡᠭᠡᠭᠡᠪᠦᠷᠢᠯᠡᠬᠦ︾ ᠲᠡᠶᠢᠰᠢ ᠬᠤᠪᠢᠷᠠᠭᠤᠯᠬᠤ ᠶᠢ ᠠᠬᠢᠭᠤᠯᠵᠤ ᠂ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠤᠨ ᠬᠤᠪᠢᠷᠠᠭᠤᠯᠬᠤ ᠨᠤᠷᠮ᠎ᠠ ᠶᠢ 72% ᠲᠤ ᠬᠦᠷᠦᠭᠦᠯᠬᠦ ᠪᠠᠷ ᠴᠢᠷᠮᠠᠶᠢᠨ᠎ᠠ ᠃ ᠬᠥᠨᠳᠡᠯᠡᠨ ᠴᠢᠭᠯᠡᠯ ᠢᠶᠠᠷ ᠂ ᠲᠠᠷᠢᠶᠠᠯᠠᠩ ᠰᠣᠶᠣᠯ ᠵᠤᠭᠠᠴᠠᠯ ᠢ ᠨᠡᠶᠢᠯᠡᠭᠦᠯᠦᠨ᠎ᠡ᠃ ᠣᠲᠣ ᠦᠶ᠎ᠡ ᠶᠢᠨ ᠬᠥᠳᠡᠭᠡ ᠲᠣᠰᠬᠤᠨ ᠤ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠬᠥᠳᠡᠭᠡ ᠲᠣᠰᠬᠤᠨ ᠤ ᠢᠳᠡᠭᠡᠨ ᠤᠮᠳᠠᠭᠠᠨ ᠪᠠᠷᠠᠭ᠎ᠠ ᠬᠤᠳᠠᠯᠳᠤᠨ ᠠᠪᠬᠤ᠂ ᠰᠣᠶᠣᠯ ᠪᠡᠶ᠎ᠡ ᠶᠢᠨ ᠲᠠᠮᠢᠷ᠂ ᠵᠢᠭᠤᠯᠴᠢᠯᠠᠯ ᠰᠡᠯᠡᠭᠦᠴᠡᠯ᠂ ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ᠂ ᠮᠡᠳᠡᠭᠡ ᠵᠠᠩᠭᠢ ᠶᠢᠨ ᠵᠠᠭᠤᠴᠢ ᠵᠡᠷᠭᠡ ᠠᠮᠢᠳᠤᠷᠠᠯ ᠤᠨ ᠦᠢᠯᠡᠴᠢᠯᠡᠭᠡ ᠶᠢ ᠳᠡᠮᠵᠢᠨ ᠬᠥᠭᠵᠢᠭᠦᠯᠵᠦ᠂ ᠬᠥᠳᠡᠭᠡ ᠲᠣᠰᠬᠤᠨ ᠤ ᠦᠢᠯᠡᠳᠬᠦᠨ ᠬᠤᠳᠠᠯᠳᠤᠵᠤ ᠪᠠᠶᠢᠭᠰᠠᠨ  ᠠᠴᠠ ᠪᠠᠨ ᠵᠡᠷᠭᠡᠪᠡᠷ ᠦᠢᠯᠡᠴᠢᠯᠡᠭᠡ ᠬᠤᠳᠠᠯᠳᠤᠬᠤ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃        ᠭᠤᠷᠪᠠ ᠳᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠨ᠎ᠠ ᠃ ᠡᠯ᠎ᠡ ᠲᠥᠷᠥᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠰᠢᠶᠠᠨ ᠰᠢᠶᠠᠩ ᠲᠣᠰᠬᠤᠨ ᠤ ᠠᠵᠤ ᠦᠢᠯᠡᠰ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠂ ᠰᠢᠶᠠᠨ ᠤ ᠬᠡᠪᠴᠢᠶᠡᠨ ᠤ ᠠᠵᠤ ᠦᠢᠯᠡᠰ ᠤᠨ ᠳᠠᠭᠠᠭᠠᠬᠤ ᠪᠠ ᠢᠵᠢ ᠪᠦᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ ᠬᠦᠴᠦᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠪᠠᠯᠭᠠᠰᠤ ᠶᠢᠨ ᠲᠥᠪᠯᠡᠷᠡᠭᠦᠯᠬᠦ ᠴᠢᠳᠠᠮᠵᠢ ᠶᠢ ᠴᠢᠩᠭᠠᠷᠠᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠭᠠᠷᠤᠯᠲᠠ ᠶᠢᠨ ᠣᠷᠣᠨ ᠲᠡᠶᠢᠰᠢ ᠳᠣᠷᠣᠭᠰᠢ ᠪᠠᠭᠤᠯᠭᠠᠵᠤ᠂ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠭᠦᠯᠵᠦ᠂ ᠬᠤᠲᠠ ᠬᠥᠳᠡᠭᠡ ᠬᠤᠯᠪᠤᠭᠠᠯᠠᠨ ᠬᠥᠳᠡᠯᠦᠯᠴᠡᠭᠰᠡᠨ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃      ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠠᠴᠠ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠳᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠶᠠᠮᠠᠷ ᠶᠠᠮᠠᠷ ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠣᠶ︖      ᠵᠣᠴᠢᠨ ᠭᠦᠸᠧ ᠵᠠᠨ ᠵᠢᠶᠠᠩ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠲᠠᠷᠢᠶᠠᠯᠠᠩ ᠤᠨ ᠣᠳᠣᠬᠢᠴᠢᠯᠠᠯᠲᠠ ᠪᠠ ᠬᠥᠳᠡᠭᠡ ᠲᠣᠰᠬᠤᠨ ᠤ ᠣᠳᠣᠬᠢᠴᠢᠯᠠᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠥᠳᠡᠭᠡ ᠲᠣᠰᠬᠤᠨ ᠤ ᠥᠩᠭᠡᠨ ᠲᠠᠯ᠎ᠠ ᠠᠴᠠ ᠳᠣᠲᠣᠷ ᠲᠠᠯ᠎ᠠ ᠳᠤ ᠬᠦᠷᠦᠭᠰᠡᠨ ᠂ ᠬᠡᠯᠪᠡᠷᠢ ᠴᠤᠭ ᠰᠦᠯᠳᠡ ᠶᠢ ᠬᠤᠣᠰᠯᠠᠭᠤᠯᠤᠭᠰᠠᠨ ᠪᠥᠬᠦ ᠲᠠᠯ᠎ᠠ ᠶᠢᠨ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ ᠭᠡᠵᠡᠢ᠃ ︽ᠬᠡᠷᠡᠭᠵᠢᠭᠦᠯᠬᠦ ᠰᠠᠨᠠᠯ︾ ᠳᠤ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠳᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠵᠡᠢ᠂ ᠡᠭᠦᠨ ᠳᠤ ᠬᠠᠲᠠᠭᠤ ᠲᠣᠨᠤᠭ᠂ ᠵᠥᠭᠡᠯᠡᠨ ᠲᠣᠨᠤᠭ ᠢ ᠬᠤᠶᠠᠷ ᠲᠠᠯ᠎ᠠ ᠪᠠᠷ ᠠᠳᠬᠤᠬᠤ ᠪᠠᠷ ᠭᠤᠣᠯᠳᠠᠯᠭ᠎ᠠ ᠪᠣᠯᠭᠠᠵᠠᠢ᠃        ᠨᠢᠭᠡ ᠲᠠᠯ᠎ᠠ ᠪᠠᠷ ᠬᠠᠲᠠᠭᠤ ᠲᠣᠨᠤᠭ ᠤᠨ ᠪᠠᠶᠢᠭᠤᠯᠤᠯᠲᠠ ᠶᠢ ᠠᠳᠬᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠪᠠᠷ ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠤᠨ᠎ᠠ᠃ ᠰᠢᠶᠠᠨ ᠤ ᠬᠡᠪᠴᠢᠶ᠎ᠡ ᠶᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ ᠂ ᠠᠶᠢᠯ ᠲᠣᠰᠬᠤᠨ ᠤ ᠲᠥᠯᠦᠪᠵᠢᠭᠦᠯᠭᠡ ᠶᠢ ᠲᠣᠭᠤᠷᠢᠭ ᠬᠤᠪᠢᠶᠠᠨ ᠲᠦᠷᠦᠯ ᠬᠤᠪᠢᠶᠠᠨ ᠵᠢᠷᠤᠵᠤ ᠲᠦᠯᠦᠪᠯᠡᠨ᠎ᠡ ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠮᠠᠯᠴᠢᠨ ᠲᠠᠷᠢᠶᠠᠴᠢᠨ ᠤ ᠣᠷᠣᠨ ᠰᠠᠭᠤᠴᠠ᠂ ᠬᠥᠳᠡᠭᠡ ᠲᠣᠰᠬᠤᠨ ᠤ ᠰᠠᠭᠤᠷᠢ ᠲᠦᠭᠦᠭᠡᠷᠦᠮᠵᠢ ᠂ ᠣᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠵᠠᠢ ᠪᠠ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠶᠢᠨ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠢ 6 ᠲᠦᠮᠡ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ 500 ᠭᠡᠰᠡᠭ ᠢ ᠰᠢᠨ᠎ᠡ ᠪᠠᠷ ᠥᠷᠭᠡᠳᠬᠡᠨ ᠪᠠᠶᠢᠭᠤᠯᠵᠤ᠂ ᠬᠢᠯᠢ ᠬᠢᠵᠠᠭᠠᠷ ᠣᠷᠣᠨ ᠤ ᠲᠠᠷᠠᠬᠠᠢ ᠬᠡᠯᠪᠡᠷᠢ ᠶᠢᠨ ᠤᠰᠤᠨ ᠰᠤᠷᠪᠤᠯᠵᠢ ᠶᠢᠨ ᠴᠡᠭ ᠤᠨ ᠢᠨᠵᠧᠨᠧᠷᠢᠩ 820 ᠭᠡᠰᠡᠭ ᠢ ᠰᠢᠨ᠎ᠡ ᠪᠠᠷ ᠥᠷᠭᠡᠳᠬᠡᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠠᠰᠤᠨ ᠳᠤ ᠥᠯᠥ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ ᠡᠭᠦᠨ ᠤ ᠬᠠᠮᠲᠤ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠣᠯᠠᠨ ᠲᠦᠮᠡᠨ ᠤ ᠰᠠᠨᠠᠯ ᠢ ᠢᠯᠡᠭᠦᠬᠡᠨ ᠰᠣᠨᠣᠰᠴᠤ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠪᠥᠬᠦ ᠶᠠᠪᠤᠴᠠ ᠪᠠᠷ ᠣᠷᠤᠯᠴᠠᠭᠤᠯᠤᠨ᠎ᠠ ᠃        ᠨᠦᠬᠦᠭᠡ ᠨᠢᠭᠡ ᠲᠠᠯ᠎ᠠ ᠪᠠᠷ ᠵᠥᠭᠡᠯᠡᠨ ᠲᠣᠨᠤᠭ ᠤᠨ ᠪᠠᠶᠢᠭᠤᠯᠤᠯᠲᠠ ᠶᠢ ᠠᠳᠬᠤᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠥᠷᠲᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠯᠭᠠᠨ᠎ᠠ᠃ ᠨᠢᠭᠡ ᠳᠤ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢ ᠭᠦᠨᠵᠡᠭᠡᠶᠢᠷᠡᠭᠦᠯᠵᠦ ᠂ ᠬᠤᠪᠢ ᠬᠤᠷᠠᠮᠳᠤᠭᠤᠯᠬᠤ ᠳᠦᠷᠢᠮ ᠂ ᠨᠠᠷᠢᠨ ᠳᠠᠩᠰᠠ ᠶᠢᠨ ᠳᠦᠷᠢᠮ ᠂ ᠲᠣᠭᠠᠴᠢᠯᠠᠯᠲᠠ ᠂ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠭᠦᠢᠴᠡᠳᠬᠡᠬᠦ ᠵᠡᠷᠭᠡ ᠵᠠᠰᠠᠯᠲᠠ ᠶᠢᠨ ᠠᠷᠭ᠎ᠠ ᠬᠡᠯᠪᠡᠷᠢ ᠶᠢ ᠳᠡᠯᠭᠡᠷᠡᠭᠦᠯᠦᠨ ᠬᠡᠷᠡᠭᠯᠡᠵᠦ ᠂ ᠬᠥᠳᠡᠭᠡ ᠲᠣᠰᠬᠤᠨ ᠤ ᠵᠠᠰᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ ᠃ ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠯᠠᠨ ᠲᠦᠮᠡᠨᠴᠢ ᠴᠢᠨᠠᠷᠲᠠᠢ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠳᠤ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠶᠢ ᠮᠡᠳᠡᠷᠡᠬᠦ᠂ ᠨᠠᠮ ᠢᠶᠠᠨ ᠳᠠᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠ ︽ᠨᠠᠮ ᠤᠨ ᠲᠠᠭᠤᠨ ᠢ ᠲᠦᠮᠡᠨ ᠡᠷᠦᠬᠡ ᠳᠤ ᠬᠦᠷᠭᠡᠬᠦ︾ ᠭᠡᠬᠦ ᠭᠤᠣᠯ ᠰᠡᠳᠦᠪᠲᠦ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠵᠢᠷᠤᠮᠵᠢᠯ ᠢ ᠲᠣᠭᠲᠠᠭᠠᠬᠤ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠴᠢᠩᠭᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠨᠳᠥᠷ ᠦᠨ᠎ᠡ ᠲᠠᠢ ᠪᠣᠭᠲᠣᠯᠠᠬᠤ ᠪᠡᠯᠡᠭ᠂ ᠨᠠᠶᠢᠷ ᠲᠠᠯ᠎ᠠ ᠶᠢ ᠠᠲᠠᠭᠠᠷᠬᠠᠨ ᠠᠳᠠᠯᠢᠳᠬᠠᠬᠤ᠂ ᠠᠰᠠᠷᠠᠨ ᠲᠡᠵᠢᠭᠡᠬᠦ ᠶᠢ ᠬᠦᠩᠭᠡᠪᠴᠢᠯᠡᠨ ᠬᠦᠨᠳᠦ ᠪᠠᠷ ᠣᠷᠣᠰᠢᠭᠤᠯᠬᠤ᠂ ᠪᠦᠷᠢᠯᠭᠡᠨ ᠰᠦᠢᠳᠬᠡᠬᠦ ᠵᠡᠷᠭᠡ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠵᠠᠰᠠᠨ᠎ᠠ᠃      ᠬᠥᠲᠥᠯᠥᠭᠴᠢ᠄ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠦᠷᠢᠶ᠎ᠡ ᠴᠠᠷᠠᠭᠠᠨ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠬᠢᠯᠠᠰ ᠴᠡᠭ ᠪᠠᠶᠢᠬᠤ ᠪᠣᠶ︖      ᠵᠣᠴᠢᠨ ᠭᠦᠸᠧ ᠵᠠᠨ ᠵᠢᠶᠠᠩ ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠳᠤ ᠦᠨᠡᠨ ᠪᠣᠳᠠᠲᠠᠢ ᠪᠠᠷ ᠠᠵᠢᠯᠯᠠᠨ᠎ᠠ᠂ ᠦᠨᠡᠨ ᠵᠣᠭᠤᠰ ᠮᠥᠩᠭᠦ ᠪᠠᠷ ᠪᠡᠯᠡ ᠣᠷᠤᠭᠤᠯᠵᠦ᠂ ᠲᠦᠷᠦ ᠶᠢᠨ ᠪᠣᠳᠣᠯᠭ᠎ᠠ ᠶᠢᠨ ᠬᠠᠮᠲᠤᠷᠠᠯ ᠬᠦᠴᠦᠨ ᠪᠠ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ︽ᠬᠡᠷᠡᠭᠵᠢᠭᠦᠯᠬᠦ ᠰᠠᠨᠠᠯ︾ ᠳᠤ ᠣᠷᠤᠭᠤᠯᠤᠯᠲᠠ᠂ ᠴᠢᠳᠠᠪᠤᠷᠢᠲᠠᠨ᠂ ᠪᠠᠶᠢᠭᠤᠯᠤᠯ ᠲᠣᠭᠲᠠᠴᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠲᠥᠷᠥ ᠶᠢᠨ ᠪᠣᠳᠣᠯᠭ᠎ᠠ ᠶᠢᠨ ᠬᠢᠯᠠᠰ ᠴᠡᠭ ᠢ ᠳᠤᠷᠠᠳᠤᠨ ᠭᠠᠷᠭᠠᠪᠠ᠃ ᠨᠢᠭᠡᠳᠦᠭᠡᠷ ᠲᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠯᠠᠨ ᠡᠰᠢᠲᠦ ᠣᠷᠤᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ ᠃ ᠨᠢᠭᠡ ᠳᠤ ᠵᠠᠰᠠᠭ ᠤᠨ ᠣᠷᠳᠣᠨ ᠤ ᠣᠷᠤᠭᠤᠯᠤᠯᠲᠠ᠃ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠡᠩ ᠤᠨ ᠣᠯᠠᠨ ᠨᠡᠶᠢᠲᠡ ᠶᠢᠨ ᠲᠥᠰᠥᠪ ᠲᠤ ᠤᠷᠢᠳ ᠢᠶᠠᠷ ᠪᠠᠲᠤᠯᠠᠬᠤ ᠬᠦᠷᠢᠶ᠎ᠡ ᠴᠠᠷᠠᠭ᠎ᠠ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠣᠷᠤᠭᠤᠯᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠭᠠᠵᠠᠷ ᠰᠢᠷᠣᠢ ᠶᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠶᠢᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠳᠤ ᠬᠡᠷᠡᠭᠯᠡᠬᠦ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠪᠠᠷ ᠳᠡᠮᠵᠢᠬᠦ ᠬᠡᠪᠴᠢᠶᠡᠨ ᠳᠤ ᠣᠷᠣᠭᠤᠯᠬᠤ ᠶᠢ ᠴᠢᠬᠤᠯᠠᠴᠢᠯᠠᠨ᠎ᠠ ᠃ ᠬᠤᠶᠠᠷ ᠲᠤ ᠮᠥᠩᠭᠦᠨ ᠭᠦᠢᠯᠭᠡᠭᠡᠨ ᠤ ᠣᠷᠤᠭᠤᠯᠤᠯᠲᠠ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠮᠠᠯ ᠠᠵᠤ ᠠᠬᠤᠢ ᠶᠢᠨ ᠮᠥᠩᠭᠦᠨ ᠭᠦᠢᠯᠭᠡᠭᠡᠨ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ᠂ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠬᠦ ᠲᠠᠯ᠎ᠠ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠦᠨ᠎ᠡ᠃ ᠭᠤᠷᠪᠠ ᠳᠤ ᠨᠡᠶᠢᠭᠡᠮ ᠤᠨ ᠬᠥᠷᠥᠩᠭᠡ ᠶᠢᠨ ᠣᠷᠤᠭᠤᠯᠤᠯᠲᠠ ᠃ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠬᠢᠭᠡᠳ ᠮᠥᠩᠭᠦᠨ ᠭᠦᠢᠯᠭᠡᠭᠡᠨ᠂ ᠨᠡᠶᠢᠭᠡᠮ ᠤᠨ ᠣᠷᠤᠭᠤᠯᠤᠯᠲᠠ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠢ ᠲᠣᠭᠲᠠᠭᠠᠯ ᠶᠣᠰᠣᠭᠠᠷ ᠵᠠᠬ᠎ᠠ ᠳᠡᠯᠭᠡᠭᠦᠷ ᠤᠨ ᠭᠤᠣᠯ ᠴᠣᠭᠴᠠ ᠠᠴᠠ ᠬᠡᠷᠡᠭᠵᠢᠭᠦᠯᠬᠦ ᠶᠢ ᠵᠣᠷᠢᠭᠵᠢᠭᠤᠯᠤᠨ᠂ ᠮᠥᠩᠭᠦᠨ ᠭᠦᠢᠯᠭᠡᠭᠡᠨ ᠪᠠ ᠨᠡᠶᠢᠭᠡᠮ ᠤᠨ ᠬᠥᠷᠥᠩᠭᠡ ᠶᠢ ᠵᠠᠬ᠎ᠠ ᠳᠡᠯᠭᠡᠭᠦᠷᠴᠢᠯᠡᠬᠦ ᠵᠠᠷᠴᠢᠮ ᠢᠶᠠᠷ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠳᠤ ᠨᠠᠩ ᠢᠯᠡᠭᠦᠦ ᠣᠷᠣᠭᠤᠯᠬᠤ ᠶᠢ ᠳᠠᠶᠢᠴᠢᠯᠠᠨ᠎ᠠ᠃ ᠬᠤᠶᠠᠳᠤᠭᠠᠷ ᠲᠤ᠂ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠪᠠ ᠦᠢᠯᠡᠴᠢᠯᠡᠭᠡᠨ ᠤ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠳᠠᠷᠢᠵᠤ ᠲᠡᠵᠢᠭᠡᠬᠦ ᠪᠣᠯᠪᠠᠰᠤᠷᠠᠭᠤᠯᠬᠤ ᠴᠢᠳᠠᠪᠤᠷᠢᠲᠠᠨ ᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠴᠢ ᠶᠢ ᠬᠥᠮᠥᠵᠢᠭᠦᠯᠬᠦ ᠵᠡᠷᠭᠡ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 1.5 ᠲᠦᠮᠡ ᠠᠴᠠ ᠳᠡᠭᠡᠭᠰᠢ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠪᠣᠶᠢᠵᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ︽ ᠳᠠᠭᠠᠭᠤᠯᠤᠭᠴᠢ ︾ ᠶᠢ 780 ᠬᠥᠮᠥᠵᠢᠭᠦᠯᠦᠨ᠎ᠡ᠃ ᠬᠤᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠲᠣᠭᠲᠠᠮᠠᠯ ᠬᠤᠭᠤᠴᠠᠭ᠎ᠠ ᠲᠠᠢ ᠪᠠᠷ ᠬᠥᠳᠡᠭᠡ ᠲᠣᠰᠬᠤᠨ ᠳᠤ ᠦᠢᠯᠡᠴᠢᠯᠡᠬᠦ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠳᠤ ᠣᠷᠳᠣ ᠬᠤᠭᠤᠴᠠᠭ᠎ᠠ ᠪᠠᠷ ᠦᠢᠯᠡᠴᠢᠯᠡᠭᠰᠡᠳ ᠲᠤ ᠲᠤᠰᠢᠶᠠᠯ ᠳᠡᠪᠰᠢᠬᠦ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ ᠠᠵᠢᠯᠯᠠᠭ᠎ᠠ ᠂ ᠣᠶᠤᠲᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ ᠃ ᠭᠤᠷᠪᠠᠳᠤᠭᠠᠷ ᠲᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠭᠲᠠᠴᠠ ᠶᠢ ᠪᠦᠷᠢᠨᠰᠢᠭᠦᠯᠦᠨ᠎ᠡ ᠃ ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠪᠣᠲᠠᠲᠠᠶᠢᠵᠢᠭᠤᠯᠤᠨ᠎ᠠ᠃ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠵᠠᠰᠠᠭ ᠤᠨ ᠨᠢᠭᠡᠳᠦᠭᠡᠷ ᠬᠠᠷᠢᠭᠤᠴᠠᠯᠭᠠᠲᠠᠨ ᠪᠡᠶ᠎ᠡ ᠪᠠᠷ ᠢᠶᠠᠨ ᠲᠥᠯᠥᠪᠵᠢᠭᠦᠯᠦᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠣᠬᠢᠶᠠᠨ ᠪᠠᠶᠢᠭᠤᠯᠤᠨ ᠠᠬᠢᠭᠤᠯᠵᠤ᠂ ᠬᠤᠰᠢᠭᠤ ᠰᠢᠶᠠᠨ ᠤ ᠨᠠᠮ ᠤᠨ ᠬᠤᠷᠢᠶ᠎ᠠ ᠶᠢᠨ ᠱᠦᠵᠢ ᠭᠤᠣᠯ ᠣᠶᠤᠨ ᠴᠢᠳᠠᠯ ᠢᠶᠠᠨ ︽ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠳᠡᠭᠡᠷ᠎ᠡ ᠲᠠᠯᠪᠢᠵᠤ᠂ ᠨᠢᠭᠡᠳᠦᠭᠡᠷ ᠹᠷᠣᠨᠲ ᠤᠨ ᠶᠡᠷᠦᠩᠬᠡᠢ ᠵᠢᠯᠣᠭᠤᠳᠤᠭᠴᠢ ᠪᠣᠯᠭᠠᠨ᠎ᠠ ᠃ ᠬᠤᠶᠠᠷ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ ᠬᠢᠨᠠᠨ ᠰᠢᠯᠭᠠᠵᠤ ᠦᠨᠡᠯᠡᠨ ᠵᠢᠱᠢᠬᠦ ᠶᠢ ᠪᠠᠬᠢᠵᠢᠭᠦᠯᠦᠨ ᠥᠷᠭᠡᠳᠬᠡᠵᠦ ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠪᠠᠶᠢᠳᠠᠯ ᠢ ᠠᠶᠢᠮᠠᠭ ᠬᠤᠳᠠ ᠂ ᠬᠤᠰᠢᠭᠤ ᠰᠢᠶᠠᠨ ᠂ ᠰᠢᠶᠠᠩ ᠪᠠᠯᠭᠠᠰᠤ ᠭᠤᠷᠪᠠᠨ ᠱᠠᠲᠤᠨ ᠤ ᠨᠠᠮ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠬᠢᠨᠠᠨ ᠰᠢᠯᠭᠠᠵᠤ ᠬᠢᠨᠠᠨ ᠰᠢᠯᠭᠠᠬᠤ ᠶᠢᠨ ᠴᠢᠬᠤᠯᠠ ᠠᠭᠤᠯᠭ᠎ᠠ ᠪᠣᠯᠭᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃      ᠬᠥᠲᠥᠯᠥᠭᠴᠢ᠄ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠶᠠᠮᠠᠷ ᠶᠠᠮᠠᠷ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠭᠰᠡᠨ ᠪᠣᠶ︖      ᠵᠣᠴᠢᠨ ᠭᠦᠸᠧ ᠵᠠᠨ ᠵᠢᠶᠠᠩ᠄ ᠶᠡᠷᠦᠩᠬᠡᠢ ᠱᠦᠵᠢ ᠰᠢ ᠶᠢᠨ ᠫᠢᠩ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠳᠤ ᠥᠭᠡᠷᠡᠴᠢᠯᠡᠯᠲᠡ ᠶᠢᠨ ᠬᠦᠳᠡᠯᠭᠡᠬᠦ ᠬᠦᠴᠦᠨ   ᠢ ᠨᠡᠮᠡᠭᠳᠡᠭᠦᠯᠵᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠲᠤᠯᠭᠠᠮ᠎ᠠ ᠱᠠᠭᠠᠷᠳᠠᠵᠤ ᠪᠠᠶᠢᠨ᠎ᠠ ᠭᠡᠵᠦ ᠴᠢᠬᠤᠯᠠᠴᠢᠯᠠᠵᠠᠢ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠢ ᠰᠡᠳᠬᠢᠴᠡ ᠪᠣᠯ ᠲᠠᠷᠢᠶᠠᠴᠢᠨ ᠪᠣᠯᠣᠨ ᠭᠠᠵᠠᠷ ᠰᠢᠷᠣᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠡᠨᠡᠬᠦ ᠭᠤᠣᠯ ᠰᠢᠵᠢᠮ ᠢ ᠦᠷᠭᠦᠯᠵᠢᠯᠡᠨ ᠡᠵᠡᠮᠳᠡᠵᠦ ᠂ ᠬᠥᠳᠡᠭᠡ ᠲᠣᠰᠬᠤᠨ ᠤ ᠬᠠᠮᠲᠤ ᠶᠢᠨ ᠡᠬᠢ ᠪᠠᠶᠠᠯᠢᠭ ᠡᠳ᠋ ᠬᠥᠷᠥᠩᠭᠡ ᠶᠢᠨ ᠡᠷᠬᠡ ᠶᠢ ᠰᠠᠯᠭᠠᠬᠤ ᠪᠠ ᠡᠷᠬᠡ ᠴᠢᠳᠠᠪᠤᠷᠢ ᠶᠢ ᠲᠡᠭᠦᠯᠳᠡᠷᠵᠢᠭᠦᠯᠬᠦ ᠠᠵᠢᠯ ᠢ ᠰᠠᠶᠢᠲᠤᠷ ᠬᠢᠵᠦ ᠂ ᠥᠷᠭᠡᠨ ᠤᠯᠠᠨ ᠲᠠᠷᠢᠶᠠᠴᠢᠨ ᠳᠤ ᠥᠭᠡᠷᠡᠴᠢᠯᠡᠯᠲᠡ ᠶᠢᠨ ᠳᠤᠮᠳᠠ ᠨᠡᠩ ᠤᠯᠠᠨ ᠦᠷ᠎ᠡ ᠪᠦᠲᠦᠭᠡᠯ ᠢ ᠡᠳ᠋ᠯᠡᠭᠦᠯᠦᠨ᠎ᠡ᠃ ︽ᠬᠡᠷᠡᠭᠵᠢᠭᠦᠯᠬᠦ ᠰᠠᠨᠠᠯ︾ ᠳᠤ ᠭᠤᠣᠯᠳᠠᠭᠤ ᠬᠤᠶᠠᠷ ᠲᠠᠯ᠎ᠠ ᠠᠴᠠ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠃        ᠨᠢᠭᠡ ᠳᠤ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ ᠭᠤᠣᠯᠳᠠᠭᠤ ᠲᠠᠷᠢᠶᠠᠯᠠᠬᠤ ᠮᠠᠯᠵᠢᠬᠤ ᠣᠷᠣᠨ ᠤ ᠳᠠᠭᠠᠭᠠᠴᠢᠯᠠᠭᠰᠠᠨ ᠭᠠᠵᠠᠷ ᠂ ᠣᠷᠣᠨ ᠰᠠᠭᠤᠴᠠ ᠶᠢᠨ ᠰᠠᠭᠤᠷᠢ ᠭᠠᠵᠠᠷ ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠭᠤᠷᠪᠠᠨ ᠬᠡᠰᠡᠭ ᠭᠠᠵᠠᠷ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠤᠨ᠎ᠠ ᠃ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠲᠠᠯ᠎ᠠ ᠪᠠᠷ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ ᠲᠤᠷᠰᠢᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠤᠷᠲᠤᠳᠬᠠᠨ ᠳᠠᠭᠠᠭᠠᠴᠢᠯᠠᠭᠤᠯᠬᠤ ᠠᠵᠢᠯ ᠤᠨ ᠵᠠᠭᠪᠤᠷ ᠢ ᠳ᠋ᠦᠩᠨᠡᠬᠦ ᠪᠠᠷ ᠭᠤᠣᠯᠳᠠᠯᠭ᠎ᠠ ᠪᠣᠯᠭᠠᠨ᠎ᠠ᠃ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠬᠦ ᠤᠷᠢᠲᠠᠯ ᠳᠣᠣᠷ᠎ᠠ᠂ ᠭᠠᠵᠠᠷ ᠰᠢᠷᠣᠢ ᠶᠢ ᠨᠠᠷᠢᠯᠢᠭ ᠭᠡᠰᠡᠭᠯᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠳᠠᠯ᠎ᠠ ᠪᠠᠷ ᠬᠠᠶᠢᠨ ᠰᠦᠪᠡᠭᠴᠢᠯᠡᠨ᠎ᠡ᠃ ᠣᠷᠣᠨ ᠰᠠᠭᠤᠴᠠ ᠶᠢᠨ ᠭᠠᠵᠠᠷ ᠤᠨ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠪᠠ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠪᠠ ᠣᠷᠣᠨ ᠰᠠᠭᠤᠴᠠ ᠶᠢᠨ ᠲᠥᠷᠥᠯ ᠤᠨ ᠭᠡᠷ ᠪᠠᠶᠢᠰᠢᠩ ᠢ ᠲᠤᠰᠬᠠᠶᠢᠯᠠᠨ ᠴᠡᠭᠴᠡᠯᠡᠨ ᠵᠠᠰᠠᠬᠤ ᠬᠤᠶᠠᠷ ᠵᠦᠢᠯ ᠤᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠬᠤ ᠪᠠᠷ ᠭᠤᠣᠯᠳᠠᠯᠭ᠎ᠠ ᠪᠣᠯᠭᠠᠨ᠎ᠠ᠃ ᠣᠷᠣᠨ ᠰᠠᠭᠤᠴᠠ ᠶᠢᠨ ᠭᠠᠵᠠᠷ ᠤᠨ ︽ᠭᠤᠷᠪᠠᠨ ᠡᠷᠬᠡ ᠶᠢ ᠰᠠᠯᠭᠠᠬᠤ︾ ᠶᠢ ᠪᠦᠲᠦᠮᠵᠢᠲᠡᠢ ᠪᠡᠶᠡᠯᠡᠭᠦᠯᠬᠦ ᠬᠡᠯᠪᠡᠷᠢ ᠶᠢ ᠰᠦᠪᠡᠭᠴᠢᠯᠡᠨ᠎ᠡ᠃ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠲᠠᠯ᠎ᠠ ᠪᠠᠷ᠂ ᠭᠤᠣᠯᠳᠠᠯᠭ᠎ᠠ ᠨᠢ 10 ᠬᠤᠰᠢᠭᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠤᠯᠤᠰ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠭᠰᠠᠨ ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠠᠰᠢᠭ ᠣᠯᠵᠠᠪᠤᠷᠢ ᠶᠢ ᠪᠦᠲᠦᠮᠵᠢᠲᠡᠢ ᠲᠣᠬᠢᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃        ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠎ᠡ᠃ ᠭᠤᠣᠯᠳᠠᠯᠭ᠎ᠠ ᠨᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠴᠠ ᠪᠠ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠵᠣᠷᠢᠭᠵᠢᠭᠤᠯᠬᠤ ᠮᠥᠷᠲᠡᠭᠡᠨ ᠪᠠᠰᠠ ᠤᠯᠠᠨ ᠶᠠᠩᠵᠤᠴᠢᠯᠠᠭᠰᠠᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠂ ᠡᠬᠢ ᠪᠠᠶᠠᠯᠢᠭ ᠢ ᠳᠠᠭᠠᠭᠠᠴᠢᠯᠠᠭᠤᠯᠬᠤ ᠂ ᠠᠳᠠᠯ ᠠᠬᠤᠢ ᠶᠢ ᠲᠦᠷᠢᠶᠡᠰᠦᠯᠡᠭᠦᠯᠬᠦ ᠂ ᠵᠠᠭᠤᠴᠢᠯᠠᠬᠤ ᠦᠢᠯᠡᠴᠢᠯᠡᠭᠡ ᠂ ᠡᠳ᠋ ᠬᠥᠷᠥᠩᠭᠡ ᠶᠢᠨ ᠬᠡᠷᠡᠭᠯᠡᠬᠦ ᠡᠷᠬᠡ ᠪᠠᠷ ᠬᠤᠪᠢ ᠣᠷᠣᠬᠤ ᠵᠡᠷᠭᠡ ᠠᠶᠤᠯ ᠲᠦᠭᠰᠢᠭᠦᠷᠢ ᠪᠠᠷ ᠨᠡᠯᠢᠶᠡᠳ ᠪᠠᠭ᠎ᠠ ᠂ ᠠᠰᠢᠭ ᠣᠷᠣᠯᠭ᠎ᠠ ᠨᠢ ᠲᠣᠭᠲᠠᠪᠤᠷᠢᠲᠠᠢ ᠡᠵᠡᠩᠨᠡᠯᠲᠡ ᠶᠢᠨ ᠠᠵᠢᠯᠯᠠᠭ᠎ᠠ ᠶᠢ ᠥᠷᠨᠢᠭᠦᠯᠵᠦ ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠠ ᠦᠢᠯᠡᠴᠢᠯᠡᠭᠡ ᠶᠢ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠬᠠᠮᠲᠤ ᠶᠢᠨ ᠪᠦᠷᠢᠯᠳᠦᠭᠦᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠡᠵᠡᠩᠨᠡᠬᠦ ᠡᠷᠬᠡ ᠶᠢ ᠭᠦᠢᠴᠡᠳ ᠪᠠᠲᠤᠯᠠᠨ᠎ᠠ ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号