2024 ᠣᠨ ᠤ 7 ᠰᠠᠷ᠎ᠠ ᠠᠴᠠ 9 ᠰᠠᠷ᠎ᠠ ᠶᠢᠨ ᠬᠤᠭᠤᠷᠣᠨᠳᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ 736 | ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠨᠢᠭᠡᠴᠡ ᠶᠢ ᠬᠢᠨᠠᠨ ᠪᠠᠶᠢᠴᠠᠭᠠᠵᠤ᠂ 8373 | ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 1538 ᠬᠥᠮᠥᠨ ᠤᠳᠠᠭ᠎ᠠ ᠪᠠᠶᠢᠴᠠᠭᠠᠯᠲᠠ ᠬᠢᠪᠡ᠃ | ᠪᠠᠶᠢᠴᠠᠭᠠᠬᠤ ᠶᠠᠪᠤᠴᠠ ᠳᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠨᠢᠭᠡᠴᠡ ᠳᠤ ᠤᠰᠤᠨ | ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠣᠷᠣᠭᠤᠯᠤᠯᠲᠠ ᠶᠢᠨ ᠡᠳ᠋ ᠨᠢ ᠬᠠᠤᠯᠢ ᠲᠣᠭᠲᠠᠭᠠᠯ ᠢ | ᠵᠦᠷᠢᠴᠡᠭᠰᠡᠨ ᠦᠵᠡᠭᠳᠡᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠦᠭᠡᠢ᠃ ᠡᠯ᠎ᠡ ᠤᠰᠤᠨ ᠭᠠᠷᠤᠯᠲᠠ ᠶᠢᠨ | ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠨᠢᠭᠡᠴᠡ ᠨᠦᠭᠦᠳ ᠤᠯᠤᠰ ᠠᠴᠠ ᠵᠥᠪᠰᠢᠶᠡᠷᠡᠭᠰᠡᠨ ᠤᠰᠤᠨ | ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠮᠠᠯ ᠤᠨ ᠡᠮ᠂ ᠲᠡᠵᠢᠭᠡᠯ ᠪᠣᠷᠳᠤᠭ᠎ᠠ ᠪᠣᠯᠣᠨ ᠲᠡᠵᠢᠭᠡᠯ | ᠪᠣᠷᠳᠣᠭᠠᠨ ᠤ ᠨᠡᠮᠡᠯᠲᠡ ᠡᠳ᠋ ᠢ ᠬᠠᠤᠯᠢ ᠶᠣᠰᠣᠭᠠᠷ ᠬᠡᠷᠡᠭᠯᠡᠵᠦ᠂ ᠶᠠᠰᠤ ᠴᠢᠨᠠᠷ ᠤᠨ ᠠᠮᠤᠷ ᠲᠦᠪᠰᠢᠨ ᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠦᠷ᠎ᠡ ᠵᠢᠷᠠᠭᠠᠬᠠᠢ ᠶᠢ ᠣᠷᠤᠭᠤᠯᠬᠤ᠂ ᠦᠢᠯᠡᠳᠪᠦᠷᠢᠯᠡᠬᠦ᠂ | ᠲᠡᠭᠡᠭᠡᠪᠦᠷᠢᠯᠡᠬᠦ ᠵᠢᠴᠢ ᠲᠡᠵᠢᠭᠡᠨ ᠦᠷᠡᠵᠢᠭᠦᠯᠬᠦ ᠡᠯ᠎ᠡ ᠭᠤᠭᠴᠤᠭ᠎ᠠ ᠶᠢᠨ ᠪᠦᠬᠦ ᠶᠠᠪᠤᠴᠠ ᠶᠢᠨ ᠶᠠᠰᠤ ᠴᠢᠨᠠᠷ ᠤᠨ | ᠡᠵᠡᠮᠳᠡᠯ ᠢ ᠨᠠᠶᠢᠳᠠᠪᠤᠷᠢᠵᠢᠭᠤᠯᠬᠤ ᠬᠡᠷᠡᠭᠲᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2024 ᠣᠨ ᠤ 10 ᠰᠠᠷ᠎ᠠ ᠶᠢᠨ 12 ᠤᠨ ᠡᠳᠦᠷ |