ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯ ᠵᠢᠭᠦᠷᠲᠡᠨ ᠤ ᠭᠤᠣᠯᠯᠠᠬᠤ ᠡᠭᠦᠯᠳᠡᠷ ᠪᠣᠶᠢᠵᠢᠭᠤᠯᠬᠤ ᠲᠠᠯᠠᠪᠠᠶ ᠪᠠ ᠡᠭᠦᠯᠳᠡᠷ ᠬᠠᠮᠠᠭᠠᠯᠠᠬᠤ ᠲᠠᠯᠠᠪᠠᠶ ᠶᠢ ᠬᠢᠨᠠᠨ ᠲᠣᠭᠲᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2024/10/9
      ᠤᠯᠤᠰ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠯ ᠵᠢᠭᠦᠷᠲᠡᠨ ᠤ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ  ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ︽ᠪᠥᠬᠦ ᠤᠯᠤᠰ ᠤᠨ ᠠᠯᠠᠰᠢᠨ ᠦᠬᠡᠷ ᠤᠨ ᠤᠳᠤᠮᠯᠠᠯ ᠢ ᠰᠠᠶᠢᠵᠢᠷᠠᠭᠤᠯᠬᠤ ᠲᠥᠯᠥᠪᠯᠡᠭᠡ︾ ︽ᠪᠥᠬᠦ ᠤᠯᠤᠰ ᠤᠨ ᠬᠤᠨᠢᠨ ᠤ ᠤᠳᠤᠮᠯᠠᠯ ᠢ ᠰᠠᠶᠢᠵᠢᠷᠠᠭᠤᠯᠬᠤ ᠲᠥᠯᠥᠪᠯᠡᠭᠡ︾ ︽ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠡᠭᠦᠯᠳᠡᠷ ᠬᠠᠮᠠᠭᠠᠯᠠᠬᠤ ᠲᠠᠯᠠᠪᠠᠶ ᠶᠢᠨ ᠬᠠᠮᠠᠭᠠᠯᠠᠯᠲᠠ ᠶᠢᠨ ᠣᠷᠣᠨ ᠪᠠ ᠭᠧᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ︾ ᠵᠢᠴᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠢᠯᠡ ᠪᠠᠷ ᠭᠤᠶᠤᠴᠢᠯᠠᠬᠤ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ᠂ ᠨᠡᠶᠢᠭᠡᠮ ᠨᠡᠶᠢᠲᠡ ᠳᠤ ᠵᠠᠷᠯᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠡᠳᠦᠭᠡ 10 ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯ ᠵᠢᠭᠦᠷᠲᠡᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠪᠠ 13 ᠥᠪᠡᠷᠲᠡᠭᠡᠨ ᠵᠠᠰᠠᠬᠤ ᠣᠷᠣᠨ ᠤ ᠲᠠᠰ ᠤᠨ ᠡᠭᠦᠯᠳᠡᠷ ᠬᠠᠮᠠᠭᠠᠯᠠᠬᠤ ᠲᠠᠯᠠᠪᠠᠶ ᠶᠢ ᠲᠣᠭᠲᠠᠭᠠᠪᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃       ᠳᠠᠭᠠᠯᠳᠤᠭᠤᠯᠤᠯ᠄ 1.ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠡᠭᠦᠯᠳᠡᠷ ᠪᠣᠶᠢᠵᠢᠭᠤᠯᠬᠤ ᠭᠤᠣᠯᠯᠠᠬᠤ ᠲᠠᠯᠠᠪᠠᠶ ᠶᠢᠨ ᠨᠡᠷᠡᠰ      2.ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠦᠷ᠎ᠡ ᠬᠠᠮᠠᠭᠠᠯᠠᠬᠤ ᠲᠠᠯᠠᠪᠠᠶ ᠶᠢᠨ ᠨᠡᠷᠡᠰ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                2024 ᠣᠨ ᠤ 10 ᠰᠠᠷ᠎ᠠ ᠶᠢᠨ 9 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号