2024 ᠣᠨ ᠤ ᠥᠪᠡᠷᠲᠡᠭᠡᠨ ᠵᠠᠰᠠᠬᠤ ᠣᠷᠣᠨ ᠤ ᠲᠦᠷᠦᠭᠦᠸ ᠭᠤᠷᠪᠠᠨ ᠤᠯᠠᠷᠢᠯ ᠤᠨ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/11/1
      ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠦᠢᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.4% ᠨᠡᠮᠡᠭᠳᠡᠪᠡ᠃ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠨᠠᠮᠤᠷ ᠤᠨ ᠬᠤᠷᠢᠶᠠᠯᠲᠠ ᠶᠢᠨ ᠠᠵᠢᠯ ᠡᠮᠬᠢ ᠵᠢᠷᠤᠮ ᠲᠠᠢ ᠪᠠᠷ ᠠᠬᠢᠵᠤ᠂ ᠪᠦᠬᠦ ᠵᠢᠯ ᠳᠤ ᠡᠯᠪᠡᠭ ᠬᠤᠷᠢᠶᠠᠯᠲᠠ ᠣᠯᠬᠤ ᠡᠷᠡᠮᠡᠯᠵᠡᠯ ᠲᠠᠢ ᠪᠠᠶᠢᠨ᠎ᠠ᠃ ᠮᠠᠯ ᠠᠵᠤ ᠠᠬᠤᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠭᠤᠷᠪᠠᠳᠤᠭᠠᠷ ᠤᠯᠠᠷᠢᠯ ᠤᠨ ᠰᠡᠭᠦᠯᠴᠢ ᠪᠠᠷ᠂ ᠪᠥᠬᠦ ᠣᠷᠣᠨ ᠤ ᠠᠮᠢᠳᠤ ᠭᠠᠭ᠋ᠠᠢ ᠶᠢᠨ ᠲᠤᠭ᠎ᠠ 634.6 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠪᠠᠷ ᠨᠡᠮᠡᠭᠳᠡᠪᠡ︔ ᠦᠬᠡᠷ ᠤᠨ ᠲᠤᠭ᠎ᠠ 948.4 ᠲᠦᠮᠡ ᠳᠤ ᠬᠦᠷᠴᠦ᠂ 3.0% ᠪᠠᠷ ᠨᠡᠮᠡᠭᠳᠡᠪᠡ︔ ᠬᠤᠨᠢᠨ ᠤ ᠲᠤᠭ᠎ᠠ 6353.9 ᠲᠦᠮᠡ ᠳᠤ ᠬᠦᠷᠴᠦ᠂ 1.6% ᠪᠠᠷ ᠨᠡᠮᠡᠭᠳᠡᠪᠡ᠃ ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 199.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠪᠡ᠃ ᠡᠭᠦᠨ ᠳᠤ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ ᠵᠢᠭᠦᠷᠲᠡᠨ ᠤ ᠮᠢᠬ᠎ᠠ ᠶᠢᠨ ᠭᠠᠷᠤᠯᠲᠠ ᠲᠣᠰ ᠲᠣᠰ 6.1%᠂ 12.7% ᠪᠠ 17.3% ᠪᠠᠷ ᠨᠡᠮᠡᠭᠳᠡᠵᠦ᠂ ᠬᠤᠨᠢᠨ ᠮᠢᠬ᠎ᠠ ᠶᠢᠨ ᠭᠠᠷᠤᠯᠲᠠ 2.8% ᠪᠠᠷ ᠪᠠᠭᠤᠷᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号