ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠲᠠᠷᠢᠶᠠᠯᠠᠩ ᠣᠶ ᠰᠢᠭᠤᠢ ᠮᠠᠯ ᠠᠵᠤ ᠠᠬᠤᠢ | ᠵᠢᠭᠠᠰᠤᠨ ᠤ ᠠᠵᠤ ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.4% | ᠨᠡᠮᠡᠭᠳᠡᠪᠡ᠃ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠨᠠᠮᠤᠷ ᠤᠨ | ᠬᠤᠷᠢᠶᠠᠯᠲᠠ ᠶᠢᠨ ᠠᠵᠢᠯ ᠡᠮᠬᠢ ᠵᠢᠷᠤᠮ ᠲᠠᠢ ᠪᠠᠷ ᠠᠬᠢᠵᠦ᠂ ᠪᠦᠬᠦ ᠵᠢᠯ ᠳᠤ ᠡᠯᠪᠡᠭ ᠬᠤᠷᠢᠶᠠᠯᠲᠠ ᠣᠯᠬᠤ | ᠡᠷᠡᠮᠡᠯᠵᠡᠯ ᠲᠠᠢ ᠪᠠᠶᠢᠨ᠎ᠠ᠃ ᠮᠠᠯ ᠠᠵᠤ ᠠᠬᠤᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ | ᠭᠤᠷᠪᠠᠳᠤᠭᠠᠷ ᠤᠯᠠᠷᠢᠯ ᠤᠨ ᠰᠡᠭᠦᠯᠴᠢ ᠪᠠᠷ᠂ ᠪᠥᠬᠦ ᠣᠷᠣᠨ ᠤ ᠲᠡᠵᠢᠭᠡᠵᠦ ᠪᠠᠶᠢᠭ᠎ᠠ ᠭᠠᠭ᠋ᠠᠢ 634.6 ᠲᠦᠮᠡ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠪᠠᠷ ᠨᠡᠮᠡᠭᠳᠡᠪᠡ︔ ᠦᠬᠡᠷ ᠤᠨ ᠲᠤᠭ᠎ᠠ 948.4 ᠲᠦᠮᠡ ᠳᠤ | ᠬᠦᠷᠴᠦ᠂ 3.0% ᠪᠠᠷ ᠨᠡᠮᠡᠭᠳᠡᠪᠡ︔ ᠬᠤᠨᠢᠨ ᠤ ᠲᠤᠭ᠎ᠠ 6353.9 ᠲᠦᠮᠡ ᠳᠤ ᠬᠦᠷᠴᠦ᠂ 1.6% ᠪᠠᠷ | ᠨᠡᠮᠡᠭᠳᠡᠪᠡ᠃ ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ | ᠭᠠᠷᠤᠯᠲᠠ 199.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠪᠡ᠃ | ᠡᠭᠦᠨ ᠳᠤ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ ᠵᠢᠭᠦᠷᠲᠡᠨ ᠤ ᠮᠢᠬ᠎ᠠ ᠶᠢᠨ ᠭᠠᠷᠤᠯᠲᠠ ᠲᠣᠰ ᠲᠣᠰ 6.1%᠂ | 12.7% ᠪᠠ 17.3% ᠪᠠᠷ ᠨᠡᠮᠡᠭᠳᠡᠵᠦ᠂ ᠬᠤᠨᠢᠨ ᠮᠢᠬ᠎ᠠ ᠶᠢᠨ ᠭᠠᠷᠤᠯᠲᠠ 2.8% ᠪᠠᠷ ᠪᠠᠭᠤᠷᠠᠪᠠ᠃ |