ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠠᠷᠢᠶᠠᠨ ᠭᠠᠵᠠᠷ ᠤᠨ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/11/18
      ︽ᠪᠥᠬᠦ ᠤᠯᠤᠰ ᠤᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︵2017 ᠣᠨ︱2025 ᠣᠨ︶︾ ︵ᠬᠥᠭᠵᠢᠭᠦᠯᠦᠯᠲᠡ ᠥᠭᠡᠷᠡᠴᠢᠯᠡᠯᠲᠡ ᠲᠠᠷᠢᠶᠠᠯᠠᠩ ᠠᠵᠤ ᠠᠬᠤᠢ ﹇2017﹈ 913 ᠳ᠋ᠤᠭᠠᠷ ᠲᠣᠭᠠᠲᠤ︶ ᠪᠠ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠯᠥᠪᠯᠡᠭᠡ ᠡᠳ᠋ ᠤᠨ ᠶᠠᠪᠤᠳᠠᠯ ᠤᠨ ᠵᠤᠷᠭᠠᠨ ᠤ 2025 ᠣᠨ ᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠥᠭᠡᠴᠡᠯᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠵᠡᠷᠭᠡ 5 ᠨᠢᠭᠡᠴᠡ ᠶᠢᠨ ᠮᠡᠳᠡᠭᠦᠯᠦᠭᠰᠡᠨ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠳᠤ ᠬᠢᠨᠠᠨ ᠲᠣᠭᠲᠠᠭᠠᠯᠲᠠ ᠬᠢᠪᠡ᠃ ᠴᠢᠩᠭ᠎ᠠ ᠬᠢᠨᠠᠨ ᠰᠢᠯᠭᠠᠷᠠᠭᠤᠯᠤᠯᠲᠠ ᠪᠠᠷ ᠳᠡᠮᠵᠢᠨ᠂ ᠪᠥᠬᠦ ᠤᠯᠤᠰ ᠤᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ᠰᠢᠯᠢ ᠶᠢᠨ ᠭᠤᠣᠯ ᠠᠶᠢᠮᠠᠭ ᠤᠨ ᠲᠠᠷᠢᠶᠠᠨ ᠭᠠᠵᠠᠷ ᠤᠨ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ 5 ᠲᠥᠷᠥᠯ ᠵᠦᠢᠯ ᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠳᠤ ᠨᠡᠶᠢᠯᠡᠭᠦᠯᠦᠨ ᠮᠡᠳᠡᠭᠦᠯᠦᠨ ᠬᠦᠷᠭᠡᠬᠦ ᠪᠠᠷ ᠪᠣᠶ᠂ ᠡᠳᠦᠭᠡ ᠦᠷ᠎ᠡ ᠳ᠋ᠦᠩ ᠢ ᠵᠠᠷᠯᠠᠨ ᠨᠡᠶᠢᠲᠡᠯᠡᠵᠦ ᠪᠠᠶᠢᠨ᠎ᠠ᠄      1.ᠲᠦᠷᠦᠯ ᠵᠦᠢᠯ ᠤᠨ ᠨᠡᠷᠡᠶᠢᠳᠤᠯ᠄ ᠪᠥᠬᠦ ᠤᠯᠤᠰ ᠤᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ᠰᠢᠯᠢ ᠶᠢᠨ ᠭᠤᠣᠯ ᠠᠶᠢᠮᠠᠭ ᠤᠨ ᠲᠠᠷᠢᠶᠠᠨ ᠭᠠᠵᠠᠷ ᠤᠨ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ      ᠲᠦᠷᠦᠯ ᠵᠦᠢᠯ ᠮᠡᠳᠡᠭᠦᠯᠦᠭᠰᠡᠨ ᠨᠢᠭᠡᠴᠡ᠄ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ      2.ᠲᠦᠷᠦᠯ ᠵᠦᠢᠯ ᠤᠨ ᠨᠡᠷᠡᠶᠢᠳᠤᠯ᠄ ᠪᠥᠬᠦ ᠤᠯᠤᠰ ᠤᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ᠪᠤᠭᠤᠲᠤ ᠬᠤᠲᠠ ᠶᠢᠨ ᠲᠠᠷᠢᠶᠠᠨ ᠭᠠᠵᠠᠷ ᠤᠨ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ      ᠲᠦᠷᠦᠯ ᠵᠦᠢᠯ ᠮᠡᠳᠡᠭᠦᠯᠦᠭᠰᠡᠨ ᠨᠢᠭᠡᠴᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠭᠠᠵᠠᠷ ︵ᠪᠤᠭᠤᠲᠤ ᠬᠤᠲᠠ ᠶᠢᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ︶      3.ᠲᠦᠷᠦᠯ ᠵᠦᠢᠯ ᠤᠨ ᠨᠡᠷᠡᠶᠢᠳᠤᠯ᠄ ᠪᠦᠬᠦ ᠤᠯᠤᠰ ᠤᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ᠤᠯᠠᠭᠠᠨᠴᠠᠪ ᠬᠤᠲᠠ  ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠨ ᠭᠠᠵᠠᠷ ᠢ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ      ᠲᠦᠷᠦᠯ ᠵᠦᠢᠯ ᠮᠡᠳᠡᠭᠦᠯᠦᠭᠰᠡᠨ ᠨᠢᠭᠡᠴᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ      4.ᠲᠦᠷᠦᠯ ᠵᠦᠢᠯ ᠤᠨ ᠨᠡᠷᠡᠶᠢᠳᠤᠯ᠄ ᠪᠥᠬᠦ ᠤᠯᠤᠰ ᠤᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ᠬᠥᠬᠡᠬᠤᠲᠠ ᠶᠢᠨ ᠲᠣᠭᠲᠠᠬᠤ ᠰᠢᠶᠠᠨ ᠤ ᠲᠠᠷᠢᠶᠠᠨ ᠭᠠᠵᠠᠷ ᠤᠨ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ      ᠲᠦᠷᠦᠯ ᠵᠦᠢᠯ ᠮᠡᠳᠡᠭᠦᠯᠦᠭᠰᠡᠨ ᠨᠢᠭᠡᠴᠡ᠄ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ      5.ᠲᠦᠷᠦᠯ ᠵᠦᠢᠯ ᠤᠨ ᠨᠡᠷᠡᠶᠢᠳᠤᠯ᠄ ᠪᠦᠬᠦ ᠤᠯᠤᠰ ᠤᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠲᠠᠷᠢᠶᠠᠨ ᠭᠠᠵᠠᠷ ᠢ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ      ᠲᠦᠷᠦᠯ ᠵᠦᠢᠯ ᠮᠡᠳᠡᠭᠦᠯᠦᠭᠰᠡᠨ ᠨᠢᠭᠡᠴᠡ᠄ ᠤᠷᠠᠳ ᠤᠨ ᠬᠤᠶᠢᠲᠤ ᠬᠤᠰᠢᠭᠤᠨ ᠤ ᠣᠲᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠦᠭᠵᠢᠯᠲᠡ ᠶᠢᠨ ᠲᠥᠪ      ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠣᠨ᠎ᠠ᠂ ᠬᠡᠷᠪᠡ ᠣᠨᠳᠣᠣ ᠰᠠᠨᠠᠯ ᠲᠠᠢ ᠪᠣᠯ᠂ ᠰᠠᠨᠠᠭᠤᠯᠭ᠎ᠠ ᠰᠠᠨᠠᠯ ᠢᠶᠠᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠲᠤ ᠬᠠᠷᠢᠭᠤ ᠳᠤᠰᠬᠠᠭᠠᠷᠠᠢ᠃ ᠬᠠᠷᠢᠯᠴᠠᠬᠤ ᠬᠡᠯᠪᠡᠷᠢ ᠨᠢ ᠳᠣᠣᠷᠠᠬᠢ ᠮᠡᠲᠦ᠄      ᠬᠠᠷᠢᠯᠴᠠᠬᠤ ᠬᠥᠮᠥᠨ᠄ ᠴᠧᠦ ᠺᠠᠢ      ᠬᠢᠨᠠᠯᠲᠠ ᠲᠠᠯᠪᠢᠬᠤ ᠤᠲᠠᠰᠤ᠄ 0471-4922386      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠤᠨ ᠵᠡᠭᠦᠨ ᠵᠡᠭᠡᠯᠢ ᠶᠢᠨ ᠶᠠᠳᠠᠭᠤ ᠶᠢ ᠲᠡᠳᠬᠦᠬᠦ ᠠᠰᠠᠷ                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                     ᠮᠠᠯ ᠠᠵᠤ ᠠᠬᠤᠢ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                             2024 ᠣᠨ ᠤ 11 ᠰᠠᠷ᠎ᠠ ᠶᠢᠨ 18 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号