2025 ᠣᠨ ᠤ ᠠᠮᠢᠲᠠᠨ ᠤ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢᠶᠠᠷ ᠲᠠᠨᠢᠯᠴᠠᠭᠤᠯᠤᠨ ᠮᠡᠳᠡᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/11/18
      ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠯᠥᠪᠯᠡᠭᠡ ᠡᠳ᠋ ᠤᠨ ᠶᠠᠪᠤᠳᠠᠯ ᠤᠨ ᠵᠤᠷᠭᠠᠨ ᠤ 2025 ᠣᠨ ᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠥᠭᠡᠴᠡᠯᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠲᠠᠷᠢᠶᠠᠯᠠᠩ ᠲᠥᠯᠥᠪᠯᠡᠭᠡ ᠡᠳ᠋ ᠲᠥᠬᠦᠮ ᠵᠠᠬᠢᠳᠠᠯ ﹇2024﹈ 258 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠰᠢᠯᠭᠠᠷᠠᠭᠤᠯᠬᠤ ᠪᠠᠷ ᠳᠠᠮᠵᠢᠨ᠂ ᠬᠥᠪᠡᠭᠡᠲᠦ ᠰᠢᠷ᠎ᠠ ᠬᠤᠰᠢᠭᠤᠨ ᠤ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ᠂ ᠰᠥᠨᠢᠳ ᠵᠡᠭᠦᠨ ᠬᠤᠰᠢᠭᠤᠨ ᠤ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ᠂ ᠪᠠᠭᠠᠷᠢᠨ ᠵᠡᠭᠦᠨ ᠬᠤᠰᠢᠭᠤᠨ ᠤ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠥᠷᠥᠯ ᠵᠦᠢᠯ᠂ ᠤᠷᠠᠳ ᠤᠨ ᠳᠤᠮᠳᠠᠳᠤ ᠬᠤᠰᠢᠭᠤᠨ ᠤ ᠡᠪᠡᠳᠴᠢᠨ ᠢᠶᠠᠷ ᠦᠬᠦᠭᠰᠡᠨ ᠮᠠᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠵᠡᠷᠭᠡ 4 ᠲᠥᠷᠥᠯ ᠵᠦᠢᠯ ᠢ 2025 ᠣᠨ ᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠠᠮᠢᠲᠠᠨ ᠤ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢᠶᠠᠷ ᠭᠤᠶᠤᠴᠢᠯᠠᠨ ᠮᠡᠳᠡᠭᠦᠯᠬᠦ ᠪᠠᠷ ᠪᠣᠶ᠃ ᠡᠳᠦᠭᠡ ᠵᠠᠷᠯᠠᠨ ᠨᠡᠶᠢᠲᠡᠯᠡᠵᠦ ᠪᠠᠶᠢᠨ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠣᠨ᠎ᠠ᠃      ᠬᠡᠷᠪᠡ ᠣᠨᠳᠣᠣ ᠰᠠᠨᠠᠯ ᠲᠠᠢ ᠪᠣᠯ 2024 ᠣᠨ ᠤ 11 ᠰᠠᠷ᠎ᠠ ᠶᠢᠨ 25 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠲᠠᠢ ᠬᠠᠷᠢᠯᠴᠠᠭᠠᠷᠠᠢ᠃      ᠬᠠᠷᠢᠯᠴᠠᠬᠤ ᠬᠥᠮᠥᠨ᠄ ᠠᠨᠠᠷ      ᠬᠠᠷᠢᠯᠴᠠᠬᠤ ᠬᠡᠯᠪᠡᠷᠢ᠄ 0471-6651277      ᠢᠮᠧᠯ᠄ nmgnmtsyj@163.com      ᠳᠠᠭᠠᠯᠳᠤᠭᠤᠯᠤᠯ᠄ 2025 ᠣᠨ ᠤ ᠠᠮᠢᠲᠠᠨ ᠤ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢᠶᠠᠷ ᠲᠠᠨᠢᠯᠴᠠᠭᠤᠯᠤᠨ ᠮᠡᠳᠡᠭᠦᠯᠬᠦ ᠲᠤᠬᠠᠢ ᠠᠯᠪᠠᠨ ᠵᠠᠷ                        ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2024 ᠣᠨ ᠤ 11 ᠰᠠᠷ᠎ᠠ ᠶᠢᠨ 18 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号