︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠲᠠᠷᠢᠶᠠᠯᠠᠩ ᠤᠨ ᠠᠵᠤ | ᠦᠢᠯᠡᠰᠵᠢᠯᠲᠡ ᠶᠢᠨ ᠤᠯᠤᠰ ᠤᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠤᠨ ᠠᠵᠤ ᠠᠬᠤᠶᠢᠯᠠᠯ ᠢ | ᠬᠢᠨᠠᠨ ᠬᠡᠮᠵᠢᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠲᠠᠷᠢᠶᠠᠯᠠᠩ ᠠᠯᠪᠠᠨ ᠠᠵᠤ ᠦᠢᠯᠡᠰ ﹇2024﹈ 6 | ᠳ᠋ᠤᠭᠠᠷ ᠲᠣᠭᠠᠲᠤ︶ ᠪᠠ ︽ᠲᠠᠷᠢᠶᠠᠯᠠᠩ ᠤᠨ ᠠᠵᠤ ᠦᠢᠯᠡᠰᠵᠢᠯᠲᠡ ᠶᠢᠨ ᠤᠯᠤᠰ ᠤᠨ ᠭᠤᠣᠯᠳᠠᠯᠭ᠎ᠠ ᠲᠠᠢ | ᠳᠠᠭᠠᠭᠤᠯᠤᠭᠴᠢ ᠠᠵᠤ ᠠᠬᠤᠶᠢᠯᠠᠯ ᠢ ᠬᠢᠨᠠᠨ ᠲᠣᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ | ᠠᠷᠭ᠎ᠠ︾ ︵ᠲᠠᠷᠢᠶᠠᠯᠠᠩ ᠠᠵᠤ ᠠᠬᠤᠢ ᠲᠠᠷᠬᠠᠭᠠᠭᠰᠠᠨ ﹇2018﹈ 1 ᠳ᠋ᠤᠭᠡᠷ ᠲᠣᠭᠠᠲᠤ︶ ᠶᠢᠨ ᠲᠣᠭᠲᠠᠭᠠᠯ ᠢ | ᠦᠨᠳᠦᠰᠦᠯᠡᠨ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ | ᠪᠣᠳᠠᠲᠤ ᠪᠠᠶᠢᠳᠠᠯ ᠳᠤ ᠰᠠᠭᠤᠷᠢᠯᠠᠨ᠂ ᠮᠠᠨ ᠤ ᠣᠷᠣᠨ ᠠᠷᠪᠠᠨ ᠨᠢᠭᠡᠳᠦᠭᠡᠷ ᠤᠳᠠᠭᠠᠨ ᠤ ᠲᠠᠷᠢᠶᠠᠯᠠᠩ ᠤᠨ ᠠᠵᠤ | ᠦᠢᠯᠡᠰᠵᠢᠯᠲᠡ ᠶᠢᠨ ᠤᠯᠤᠰ ᠤᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠤᠨ ᠬᠢᠨᠠᠨ ᠬᠡᠮᠵᠢᠵᠦ ᠬᠢᠨᠠᠨ | ᠬᠠᠷᠭᠤᠭᠤᠯᠬᠤ ᠪᠠ ᠳᠠᠷᠠᠭᠠᠯᠠᠨ ᠨᠥᠬᠦᠪᠦᠷᠢᠯᠡᠵᠦ ᠲᠠᠨᠢᠯᠴᠠᠭᠤᠯᠬᠤ ᠠᠵᠢᠯ ᠢ ᠥᠷᠨᠢᠭᠦᠯᠪᠡ᠃ ᠭᠤᠷᠪᠠᠳᠠᠭᠢ | ᠡᠲᠡᠭᠡᠳ ᠤᠨ ᠪᠠᠶᠢᠭᠤᠯᠤᠮᠵᠢ ᠶᠢᠨ ᠬᠢᠨᠠᠨ ᠬᠠᠷᠭᠤᠭᠤᠯᠤᠯᠲᠠ᠂ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ᠂ | ᠬᠤᠯᠪᠣᠭᠳᠠᠯ ᠪᠦᠬᠦᠢ ᠶᠢᠰᠦᠨ ᠰᠠᠯᠠᠭ᠎ᠠ ᠮᠥᠴᠢᠷ ᠨᠢᠭᠡᠴᠡ ᠶᠢᠨ ᠬᠤᠷᠠᠯ ᠤᠨ ᠬᠢᠨᠠᠨ ᠪᠠᠶᠢᠴᠠᠭᠠᠯᠲᠠ ᠪᠠᠷ ᠳᠡᠮᠵᠢᠨ᠂ | ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ | ᠪᠠᠶᠠᠨᠨᠠᠭᠤᠷ ᠬᠤᠲᠠ ᠶᠢᠨ ᠱᠧᠩ ᠮᠦ ᠳᠡᠭᠡᠳᠦ ᠰᠢᠨᠵᠢᠯᠡᠬᠦ ᠤᠬᠠᠭᠠᠨ ᠠᠮᠢ ᠠᠬᠤᠢ ᠶᠢᠨ ᠡᠪᠡᠰᠦᠨ ᠤ ᠦᠢᠯᠡᠰ ᠤᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠢ ᠱᠢ ᠰᠦ ᠶᠢᠨ ᠦᠢᠯᠡᠰ ᠤᠨ ᠪᠦᠯᠦᠭᠯᠡᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠸᠧ ᠹᠧᠩ ᠠᠮᠢᠳᠤ ᠪᠣᠳᠠᠰ ᠤᠨ ᠴᠢᠨᠠᠷ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ | ᠵᠡᠷᠭᠡ 5 ᠠᠵᠤ ᠠᠬᠤᠶᠢᠯᠠᠯ ᠤᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠤᠯᠤᠰ ᠤᠨ ᠭᠤᠣᠯᠳᠠᠯᠭ᠎ᠠ ᠲᠠᠢ | ᠳᠠᠭᠠᠭᠤᠯᠤᠭᠴᠢ ᠠᠵᠤ ᠠᠬᠤᠶᠢᠯᠠᠯ ᠢ ᠲᠠᠨᠢᠯᠴᠠᠭᠤᠯᠬᠤ ᠪᠠᠷ ᠪᠣᠢ᠃ | ᠡᠳᠦᠭᠡ ᠳᠠᠷᠠᠭᠠᠯᠠᠨ ᠨᠥᠬᠦᠪᠦᠷᠢᠯᠡᠬᠦ ᠪᠠᠷ ᠪᠠᠶᠢᠭ᠎ᠠ ᠠᠵᠤ ᠠᠬᠤᠶᠢᠯᠠᠯ ᠢ ᠵᠠᠷᠯᠠᠨ ᠨᠡᠶᠢᠲᠡᠯᠡᠵᠦ ᠪᠠᠶᠢᠨ᠎ᠠ᠂ ᠵᠠᠷᠯᠠᠨ | ᠨᠡᠶᠢᠲᠡᠯᠡᠬᠦ ᠬᠤᠭᠤᠴᠠᠭ᠎ᠠ᠄ 2024 ᠣᠨ ᠤ 11 ᠰᠠᠷ᠎ᠠ ᠶᠢᠨ 19 ᠤ ᠡᠳᠦᠷ ᠠᠴᠠ 2024 ᠣᠨ ᠤ 11 | ᠰᠠᠷ᠎ᠠ ᠶᠢᠨ 21 ᠤ ᠡᠳᠦᠷ ᠪᠣᠯᠲᠠᠯ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 3 ᠡᠳᠦᠷ ᠪᠣᠯᠣᠨ᠎ᠠ᠃ ᠵᠠᠷᠯᠠᠨ ᠨᠡᠶᠢᠲᠡᠯᠡᠬᠦ | ᠬᠤᠭᠤᠴᠠᠭᠠᠨ ᠳᠤ ᠬᠡᠷᠪᠡ ᠣᠨᠳᠣᠣ ᠰᠠᠨᠠᠯ ᠲᠠᠢ ᠪᠣᠯ᠂ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠬᠠᠩᠭᠠᠵᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠳᠤ ᠳᠤᠰᠬᠠᠭᠠᠷᠠᠢ᠃ | ᠲᠢᠩᠬᠢᠮ ᠤᠨ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠤᠲᠠᠰᠤ᠄ | 0471︱6651073 | ᠲᠢᠩᠬᠢᠮ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠠ ᠠᠲᠠᠷ ᠬᠠᠭᠠᠯᠪᠤᠷᠢᠯᠠᠯᠲᠠ ᠶᠢᠨ | ᠭᠠᠵᠠᠷ ᠤᠨ ᠤᠲᠠᠰᠤ᠄ 0471︱6652301 | | ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2024 ᠣᠨ ᠤ 11 ᠰᠠᠷ᠎ᠠ ᠶᠢᠨ 19 ᠤ ᠡᠳᠦᠷ |