ᠮᠠᠨ ᠤ ᠣᠷᠣᠨ ᠤ ᠦᠷ᠎ᠡ ᠪᠣᠶᠢᠵᠢᠭᠤᠯᠬᠤ ᠦᠢᠯᠡᠰ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ ᠂ ᠨᠢᠭᠡ | ᠪᠦᠯᠦᠭ ᠵᠣᠬᠢᠴᠠᠬᠤ ᠴᠢᠨᠠᠷ ᠢᠶᠠᠷ ᠥᠷᠭᠡᠨ᠂ ᠥᠨᠳᠥᠷ ᠲᠣᠭᠲᠠᠭᠤᠨ ᠤᠨᠠᠯᠲᠠ ᠲᠠᠢ ᠡᠷᠳᠡᠨᠢ ᠰᠢᠰᠢ ᠪᠠ ᠰᠢᠷ᠎ᠠ | ᠪᠤᠷᠴᠠᠭ ᠤᠨ ᠰᠢᠨ᠎ᠡ ᠡᠭᠦᠯᠳᠡᠷ ᠢ ᠲᠦᠯᠬᠢᠨ ᠭᠠᠷᠭᠠᠵᠤ᠂ ᠥᠷᠭᠡᠨ ᠣᠯᠠᠨ ᠲᠠᠷᠢᠮᠠᠯ ᠤᠨ ᠡᠷᠦᠬᠡ ᠶᠢᠨ ᠰᠢᠨᠵᠢᠯᠡᠬᠦ | ᠤᠬᠠᠭᠠᠨᠴᠢ ᠪᠠᠷ ᠦᠷ᠎ᠡ ᠰᠣᠩᠭᠤᠨ ᠦᠷ᠎ᠡ ᠬᠡᠷᠡᠭᠯᠡᠬᠦ ᠶᠢ ᠵᠢᠯᠤᠭᠤᠳᠬᠤ ᠶᠢᠨ ᠲᠥᠯᠥᠭᠡ᠂ 2024 ᠣᠨ ᠳᠤ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠠᠴᠠ ᠪᠥᠬᠦ ᠣᠷᠣᠨ ᠳᠤ ᠡᠷᠳᠡᠨᠢ ᠰᠢᠰᠢ ᠪᠠ ᠰᠢᠷ᠎ᠠ ᠪᠤᠷᠴᠠᠭ ᠤᠨ ᠥᠨᠳᠥᠷ ᠤᠨᠠᠯᠳᠠᠳᠤ ᠡᠭᠦᠯᠳᠡᠷ ᠤᠨ | ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠷᠤᠯᠳᠤᠭᠠᠨ ᠳᠤ ᠣᠷᠣᠯᠴᠠᠭᠰᠠᠨ | ᠡᠭᠦᠯᠳᠡᠷ ᠨᠢ ᠣᠶᠢᠷ᠎ᠠ ᠶᠢᠨ 5 ᠵᠢᠯ ᠤᠨ ᠳᠣᠲᠣᠷ᠎ᠠ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠳᠤᠮᠳᠠ ᠪᠠ ᠣᠷᠣᠢ | ᠪᠣᠯᠪᠠᠰᠤᠷᠠᠬᠤ ᠡᠷᠳᠡᠨᠢ ᠰᠢᠰᠢ ᠪᠣᠯᠣᠨ ᠡᠷᠲᠡ᠂ ᠳᠤᠮᠳᠠ ᠡᠷᠲᠡ ᠪᠣᠯᠪᠠᠰᠤᠷᠠᠬᠤ ᠰᠢᠷ᠎ᠠ ᠪᠤᠷᠴᠠᠭ ᠤᠨ ᠥᠨᠳᠥᠷ | ᠤᠨᠠᠯᠳᠠᠳᠤ ᠡᠭᠦᠯᠳᠡᠷ ᠪᠣᠯᠣᠨ᠎ᠠ᠃ ᠭᠤᠣᠯ ᠴᠣᠭᠴᠠ ᠠᠴᠠ ᠭᠤᠶᠤᠴᠢᠯᠠᠨ ᠮᠡᠳᠡᠭᠦᠯᠬᠦ ᠪᠠ ᠬᠢᠷᠢ ᠬᠡᠮ ᠤᠨ ᠠᠩᠬᠠᠨ ᠤ | ᠬᠢᠨᠠᠯᠲᠠ ᠪᠠᠷ ᠳᠡᠮᠵᠢᠨ᠂ ᠨᠡᠶᠢᠲᠡ 23 ᠦᠷ᠎ᠡ ᠪᠣᠶᠢᠵᠢᠭᠤᠯᠬᠤ ᠨᠢᠭᠡᠴᠡ ᠶᠢᠨ 46 ᠡᠭᠦᠯᠳᠡᠷ ︵29 ᠡᠷᠳᠡᠨᠢ ᠰᠢᠰᠢ᠂ | 17 ᠰᠢᠷ᠎ᠠ ᠪᠤᠷᠴᠠᠭ︶ ᠠᠵᠢᠯᠯᠠᠭ᠎ᠠ ᠳᠤ ᠣᠷᠣᠯᠴᠠᠵᠤ᠂ ᠡᠭᠦᠯᠳᠡᠷ ᠨᠢᠭᠡᠪᠦᠷᠢ ᠶᠢ ᠲᠣᠰ ᠲᠣᠰ ᠠᠳᠠᠯᠢ ᠨᠢᠭᠡ ᠠᠮᠢ | ᠠᠬᠤᠢ ᠶᠢᠨ ᠣᠷᠣᠨ ᠤ ᠠᠳᠠᠯᠢ ᠪᠤᠰᠤ 2 ᠬᠤᠰᠢᠭᠤ ᠰᠢᠶᠠᠨ ᠳᠤ 100 ᠮᠦ ᠠᠴᠠ ᠳᠡᠭᠡᠭᠰᠢ ᠵᠠᠯᠭᠠᠯᠳᠤᠨ ᠳᠠᠷᠢᠵᠤ᠂ | ᠲᠤᠬᠠᠢ ᠶᠢᠨ ᠭᠠᠵᠠᠷ ᠤᠨ ᠡᠩ ᠤᠨ ᠳᠠᠷᠢᠵᠤ ᠪᠣᠶᠢᠵᠢᠭᠤᠯᠬᠤ ᠠᠷᠭ᠎ᠠ ᠬᠡᠮᠵᠢᠶ᠎ᠡ ᠶᠢ ᠠᠪᠴᠤ ᠲᠠᠷᠢᠭᠰᠠᠨ ᠪᠠᠶᠢᠨ᠎ᠠ ᠃ | 9 ᠰᠠᠷ᠎ᠠ ᠶᠢᠨ ᠰᠡᠭᠦᠯᠴᠢ ᠠᠴᠠ 10 ᠰᠠᠷ᠎ᠠ ᠶᠢᠨ ᠰᠢᠨᠡᠳ ᠪᠣᠯᠲᠠᠯ᠎ᠠ᠂ ᠠᠶᠢᠮᠠᠭ ᠬᠤᠲᠠ ᠶᠢᠨ ᠵᠣᠬᠢᠶᠠᠨ | ᠪᠠᠶᠢᠭᠤᠯᠤᠯᠲᠠ ᠶᠢᠨ ᠥᠪᠡᠷ ᠤᠨ ᠬᠡᠮᠵᠢᠯᠲᠡ ᠪᠠᠷ ᠳᠡᠮᠵᠢᠨ᠂ ᠤᠨᠠᠯᠲᠠ ᠶᠢᠨ ᠢᠯᠡᠷᠡᠯ ᠢᠶᠠᠷ ᠲᠣᠪᠣᠶᠢᠮ᠎ᠠ 8 ᠡᠭᠦᠯᠳᠡᠷ ᠢ | ᠰᠢᠭᠰᠢᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ︽ᠪᠥᠬᠦ | ᠤᠯᠤᠰ ᠤᠨ ᠠᠮᠤ ᠪᠤᠳᠠᠭᠠᠨ ᠤ ᠥᠨᠳᠥᠷ ᠤᠨᠠᠯᠲᠠ ᠶᠢ ᠡᠭᠦᠳᠦᠨ ᠪᠠᠶᠢᠭᠤᠯᠬᠤ ᠶᠢᠨ ᠤᠨᠠᠯᠲᠠ ᠶᠢ ᠬᠡᠮᠵᠢᠨ ᠰᠢᠯᠭᠠᠨ | ᠠᠪᠬᠤ ᠠᠷᠭ᠎ᠠ ︵ᠡᠷᠳᠡᠨᠢ ᠰᠢᠰᠢ︶︾ ︽ᠪᠥᠬᠦ ᠤᠯᠤᠰ ᠤᠨ ᠲᠣᠰᠣᠯᠢᠭ ᠲᠠᠷᠢᠮᠠᠯ ᠤᠨ ᠥᠨᠳᠥᠷ ᠤᠨᠠᠯᠲᠠ ᠶᠢ | ᠡᠭᠦᠳᠦᠨ ᠪᠠᠶᠢᠭᠤᠯᠬᠤ ᠶᠢᠨ ᠤᠨᠠᠯᠲᠠ ᠶᠢ ᠬᠡᠮᠵᠢᠨ ᠰᠢᠯᠭᠠᠨ ᠠᠪᠬᠤ ᠠᠷᠭ᠎ᠠ ︵ᠰᠢᠷ᠎ᠠ ᠪᠤᠷᠴᠠᠭ︶︾ ᠶᠣᠰᠣᠭᠠᠷ | ᠪᠣᠳᠠᠲᠠᠢ ᠬᠤᠷᠢᠶᠠᠯᠲᠠ ᠶᠢ ᠬᠡᠮᠵᠢᠨ᠂ ᠤᠨᠠᠯᠲᠠ ᠶᠢ ᠬᠡᠮᠵᠢᠭᠰᠡᠨ ᠦᠷ᠎ᠡ ᠳ᠋ᠦᠩ ᠨᠢ ᠳᠣᠣᠷᠠᠬᠢ ᠮᠡᠲᠦ᠄ | ︵ᠨᠢᠭᠡ︶ ᠥᠨᠳᠥᠷ ᠤᠨᠠᠯᠲᠠ ᠲᠠᠢ 4 ᠡᠷᠳᠡᠨᠢ ᠰᠢᠰᠢ ᠶᠢᠨ ᠡᠭᠦᠯᠳᠡᠷ ᠄ ᠰᠠᠨ ᠵᠦ ᠯᠢᠶᠠᠩ 8702 ᠂ ᠬᠤᠩ | ᠪᠥᠸᠧ 369 ᠂ ᠶᠢᠨ ᠺᠧ 902 ᠂ ᠷᠧᠨ ᠡᠾᠧ 331 ᠃ | ︵ᠬᠤᠶᠠᠷ︶ ᠥᠨᠳᠥᠷ ᠤᠨᠠᠯᠲᠠ ᠲᠠᠢ 4 ᠰᠢᠷ᠎ᠠ ᠪᠤᠷᠴᠠᠭ ᠶᠢᠨ ᠡᠭᠦᠯᠳᠡᠷ ᠄ ᠮᠧᠩ ᠳ᠋ᠸᠦ 1137 ᠂ ᠮᠧᠩ | ᠳ᠋ᠸᠦ 50 ᠂ ᠮᠧᠩ ᠺᠧ ᠳ᠋ᠸᠦ 8 ᠳ᠋ᠤᠭᠠᠷ ᠨᠣᠮᠧᠷ ᠂ ᠮᠧᠩ ᠳ᠋ᠸᠦ 48 ᠃ | ᠡᠳᠦᠭᠡ ᠳᠡᠭᠡᠷ᠎ᠡ ᠳᠤᠷᠠᠳᠤᠭᠰᠠᠨ ᠡᠭᠦᠯᠳᠡᠷ ᠤᠨ ᠤᠨᠠᠯᠲᠠ ᠶᠢ ᠬᠡᠮᠵᠢᠭᠰᠡᠨ ᠦᠷ᠎ᠡ ᠳ᠋ᠦᠩ ︵ | ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠢ︶ ᠢ ᠵᠠᠷᠯᠠᠨ ᠨᠡᠶᠢᠲᠡᠯᠡᠵᠤ ᠪᠠᠶᠢᠨ᠎ᠠ᠃ ᠵᠠᠷᠯᠠᠨ ᠨᠡᠶᠢᠲᠡᠯᠡᠬᠦ | ᠬᠤᠭᠤᠴᠠᠭ᠎ᠠ᠄ 2024 ᠣᠨ ᠤ 11 ᠰᠠᠷ᠎ᠠ ᠶᠢᠨ 20 ᠤ ᠡᠳᠦᠷ ᠠᠴᠠ 11 ᠰᠠᠷ᠎ᠠ ᠶᠢᠨ 26 ᠤ ᠡᠳᠦᠷ ᠪᠣᠯᠲᠠᠯ᠎ᠠ ᠂ | ᠢᠯᠡ ᠨᠡᠶᠢᠲᠡᠯᠡᠬᠦ ᠬᠤᠭᠤᠴᠠᠭᠠᠨ ᠳᠤ ᠬᠡᠷᠪᠡ ᠣᠨᠳᠣᠣ ᠰᠠᠨᠠᠯ ᠲᠠᠢ ᠪᠣᠯ ᠪᠢᠴᠢᠭ ᠤᠨ ᠬᠡᠯᠪᠡᠷᠢ ᠪᠠᠷ ᠲᠤᠰᠬᠠᠬᠤ ᠶᠢᠨ | ᠬᠠᠮᠲᠤ ᠦᠨᠡᠨ ᠣᠪᠣᠭ ᠨᠡᠷ᠎ᠡ᠂ ᠨᠢᠭᠡᠴᠡ᠂ ᠬᠠᠷᠢᠯᠴᠠᠬᠤ ᠤᠲᠠᠰᠤ ᠵᠢᠴᠢ ᠭᠡᠷᠡᠴᠢᠯᠡᠬᠦ ᠮᠠᠲ᠋ᠧᠷᠢᠶᠠᠯ ᠢᠶᠠᠨ ᠲᠣᠲᠤᠷᠬᠠᠢ | ᠪᠢᠴᠢᠭᠡᠷᠡᠢ᠃ ᠬᠤᠭᠤᠴᠠᠭ᠎ᠠ ᠠᠴᠠ ᠬᠡᠲᠦᠷᠡᠭᠰᠡᠨ ᠪᠤᠶᠤ ᠱᠠᠭᠠᠷᠳᠠᠯᠭ᠎ᠠ ᠶᠣᠰᠣᠭᠠᠷ ᠣᠨᠳᠣᠣ ᠰᠠᠨᠠᠯ ᠳᠤᠷᠠᠳᠤᠭᠰᠠᠨ | ᠦᠭᠡᠢ ᠪᠠᠶᠢᠪᠠᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃ | ᠬᠠᠷᠢᠯᠴᠠᠬᠤ ᠤᠲᠠᠰᠤ᠄ 0471 ︱ 6286603 | ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ | ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 72 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠦᠷ᠎ᠡ ᠶᠢᠨ | ᠦᠢᠯᠡᠰ ᠤᠨ ᠬᠠᠮᠢᠶᠠᠷᠤᠯᠲᠠ ᠶᠢᠨ ᠭᠠᠵᠠᠷ᠃ | | ᠳᠠᠭᠠᠯᠳᠤᠭᠤᠯᠤᠯ᠄ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ | ᠤᠨᠠᠯᠳᠠᠳᠤ ᠡᠭᠦᠯᠳᠡᠷ ᠤᠨ ᠤᠷᠤᠯᠳᠤᠭᠠᠨ ᠤ ᠤᠨᠠᠯᠲᠠ ᠶᠢ ᠬᠡᠮᠵᠢᠭᠰᠡᠨ ᠦᠷ᠎ᠡ ᠳ᠋ᠦᠩ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2024 ᠣᠨ ᠤ 11 ᠰᠠᠷ᠎ᠠ ᠶᠢᠨ 21 ᠤ ᠡᠳᠦᠷ | |