ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 2024 ᠣᠨ ᠤ ︽ᠴᠢᠬᠢ ᠦᠵᠡᠵᠦ ᠦᠷ᠎ᠡ ᠰᠣᠩᠭᠤᠬᠤ︾ ᠭᠤᠣᠯᠯᠠᠬᠤ ᠡᠭᠦᠯᠳᠡᠷ ᠢ ᠰᠢᠯᠭᠠᠷᠠᠭᠤᠯᠤᠨ ᠲᠠᠨᠢᠯᠴᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/22
      ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠦᠵᠡᠭᠦᠯᠭᠡ ᠶᠢᠨ ᠵᠢᠱᠢᠶ᠎ᠡ ᠦᠵᠡᠭᠦᠯᠬᠦ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠳᠤ ᠬᠦᠴᠦ ᠨᠡᠮᠡᠷᠢᠯᠡᠵᠦ᠂ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠦᠷ᠎ᠡ ᠰᠣᠩᠭᠤᠵᠤ ᠦᠷ᠎ᠡ ᠬᠡᠷᠡᠭᠯᠡᠬᠦ ᠶᠢ ᠵᠢᠭᠠᠨ ᠵᠢᠯᠤᠭᠤᠳᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ︽2024 ᠣᠨ ᠤ ︿ᠴᠢᠬᠢ ᠦᠵᠡᠵᠦ ᠦᠷ᠎ᠡ ᠰᠣᠩᠭᠤᠬᠤ﹀ ᠡᠭᠦᠯᠳᠡᠷ ᠲᠠᠨᠢᠯᠴᠠᠭᠤᠯᠬᠤ ᠵᠢᠴᠢ ᠠᠵᠢᠯ ᠤᠨ ᠳ᠋ᠦᠩᠨᠡᠯᠲᠡ ᠶᠢ ᠮᠡᠳᠡᠭᠦᠯᠦᠨ ᠬᠦᠷᠭᠡᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 11 ᠰᠠᠷ᠎ᠠ ᠶᠢᠨ 19  ᠤ ᠡᠳᠦᠷ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 2024 ᠣᠨ ᠤ ︽ᠴᠢᠬᠢ ᠦᠵᠡᠵᠦ ᠦᠷ᠎ᠡ ᠰᠣᠩᠭᠤᠬᠤ︾ ᠭᠤᠣᠯᠯᠠᠬᠤ ᠡᠭᠦᠯᠳᠡᠷ ᠢ ᠰᠣᠩᠭᠤᠨ ᠲᠠᠨᠢᠯᠴᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠦᠬᠦ ᠬᠤᠳᠠ ᠶᠢᠨ 9 ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠠᠴᠠ ᠲᠠᠨᠢᠯᠴᠠᠭᠤᠯᠤᠭᠰᠠᠨ ᠡᠭᠦᠯᠳᠡᠷ ᠢ ᠶᠡᠷᠦᠩᠬᠡᠶᠢᠯᠡᠨ ᠰᠢᠯᠭᠠᠨ ᠰᠣᠩᠭᠤᠪᠠ᠃ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠨᠠᠮ ᠤᠨ ᠬᠤᠷᠢᠶ᠎ᠠ ᠶᠢᠨ ᠱᠦᠵᠢ ᠴᠧᠩ ᠷᠦᠢ ᠪᠦᠦ ᠬᠤᠷᠠᠯ ᠢ ᠡᠷᠬᠢᠯᠡᠵᠦ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠰᠠᠯᠠᠭ᠎ᠠ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠵᠢᠴᠢ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠬᠤᠷᠠᠯ ᠳᠤ ᠣᠷᠣᠯᠴᠠᠪᠠ᠃
图片1.png
       ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠡᠯ᠎ᠡ ᠲᠠᠪᠴᠠᠩ ᠤᠨ ᠤᠨᠠᠯᠲᠠ ᠶᠢ ᠬᠡᠮᠵᠢᠭᠰᠡᠨ ᠲᠤᠭ᠎ᠠ ᠪᠠᠷᠢᠮᠲᠠ ᠵᠢᠴᠢ ᠲᠠᠷᠢᠶᠠᠨ ᠭᠠᠵᠠᠷ ᠤᠨ ᠳᠠᠭᠠᠭᠠᠴᠠ ᠴᠢᠨᠠᠷ ᠤᠨ ᠢᠯᠡᠷᠡᠯ ᠢ ᠦᠨᠳᠦᠰᠦᠯᠡᠨ᠂ ᠡᠭᠦᠯᠳᠡᠷ ᠤᠨ ᠵᠣᠬᠢᠴᠠᠬᠤ ᠴᠢᠨᠠᠷ᠂ ᠳᠡᠯᠭᠡᠷᠡᠭᠦᠯᠬᠦ ᠲᠠᠯᠠᠪᠠᠶ᠂ ᠤᠨᠠᠯᠲᠠ ᠶᠢᠨ ᠢᠯᠡᠷᠡᠯ᠂ ᠣᠨᠴᠠᠯᠢᠭ ᠰᠢᠨᠵᠢ ᠵᠡᠷᠭᠡ ᠠᠭᠤᠯᠭ᠎ᠠ ᠲᠠᠢ ᠤᠶᠠᠯᠳᠤᠭᠤᠯᠤᠨ ᠡᠯ᠎ᠡ ᠲᠠᠪᠴᠠᠩ ᠤᠨ ᠲᠠᠨᠢᠯᠴᠠᠭᠤᠯᠤᠭᠰᠠᠨ 23 ᠭᠤᠣᠯᠯᠠᠬᠤ ᠡᠭᠦᠯᠳᠡᠷ ᠲᠤ ᠨᠢᠭᠡᠳ ᠨᠢᠭᠡ ᠪᠠᠷ ᠵᠠᠳᠠᠯᠤᠯᠲᠠ ᠦᠨᠡᠯᠡᠯᠲᠡ ᠬᠢᠵᠦ᠂ ᠡᠴᠦᠰ ᠲᠡᠭᠡᠨ 2024 ᠣᠨ ᠤ ᠪᠥᠬᠦ ᠬᠤᠲᠠ ᠶᠢᠨ ᠡᠷᠳᠡᠨᠢ ᠰᠢᠰᠢ ᠶᠢᠨ ︽ᠴᠢᠬᠢ ᠦᠵᠡᠵᠦ ᠦᠷ᠎ᠡ ᠰᠣᠩᠭᠤᠬᠤ︾ ᠪᠠᠷ ᠲᠠᠨᠢᠯᠴᠠᠭᠤᠯᠤᠭᠰᠠᠨ ᠡᠭᠦᠯᠳᠡᠷ ᠢ ᠲᠣᠭᠲᠠᠭᠠᠭᠰᠠᠨ ᠪᠠᠶᠢᠨ᠎ᠠ᠃      ᠴᠧᠩ ᠷᠦᠢ ᠪᠦᠦ ᠠᠴᠠ ᠪᠥᠬᠦ ᠬᠤᠲᠠ ᠶᠢᠨ ︽ᠴᠢᠬᠢ ᠦᠵᠡᠵᠦ ᠦᠷ᠎ᠡ ᠰᠣᠩᠭᠤᠬᠤ︾ ᠠᠵᠢᠯ ᠳᠤ ᠳ᠋ᠦᠩᠨᠡᠯᠲᠡ ᠬᠢᠵᠦ᠂ ᠡᠯ᠎ᠡ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠪᠠᠶᠢᠭᠤᠯᠤᠯᠲᠠ ᠶᠢᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠲᠠᠷᠠᠭᠠᠴᠢ ᠶᠢᠨ ᠠᠯᠬᠤᠮ ᠤᠨ ︽ᠴᠢᠬᠢ ᠦᠵᠡᠵᠦ ᠦᠷ᠎ᠡ ᠰᠣᠩᠭᠤᠬᠤ︾ ᠠᠵᠢᠯ ᠳᠤ ᠱᠠᠭᠠᠷᠳᠠᠯᠭ᠎ᠠ ᠳᠤᠷᠠᠳᠪᠠ᠂ ᠨᠢᠭᠡ ᠳᠤ ︽ᠴᠢᠬᠢ ᠦᠵᠡᠵᠦ ᠦᠷ᠎ᠡ ᠰᠣᠩᠭᠤᠬᠤ︾ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠢᠨᠠᠨ ᠰᠢᠯᠭᠠᠬᠤ ᠳᠦᠷᠢᠮ ᠢ ᠨᠠᠶᠢᠳᠠᠪᠤᠷᠢᠵᠢᠭᠤᠯᠤᠨ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠲᠠᠪᠴᠠᠩ ᠢ ᠬᠦᠴᠦᠨ ᠦᠭᠡᠢ ᠪᠣᠯᠭᠠᠬᠤ ᠬᠡᠷᠡᠭᠲᠡᠢ᠃ ᠬᠤᠶᠠᠷ ᠲᠤ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ︽ᠴᠢᠬᠢ ᠦᠵᠡᠵᠦ ᠦᠷ᠎ᠡ ᠰᠣᠩᠭᠤᠬᠤ︾ ᠭᠠᠵᠠᠷ ᠢ ᠰᠣᠩᠭᠤᠵᠤ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠦᠵᠡᠭᠦᠯᠭᠡ ᠶᠢᠨ ᠵᠢᠱᠢᠶ᠎ᠡ ᠦᠵᠡᠭᠦᠯᠬᠦ ᠡᠭᠦᠯᠳᠡᠷ ᠤᠨ ᠰᠢᠯᠢᠳᠡᠭ ᠣᠨᠴᠠᠯᠢᠭ ᠢ ᠢᠯᠡᠷᠡᠭᠦᠯᠵᠦ᠂ ᠶᠠᠰᠤ ᠴᠢᠨᠠᠷ ᠢ ᠢᠯᠡᠷᠡᠭᠦᠯᠵᠦ᠂ ᠤᠨᠠᠯᠲᠠ ᠶᠢ ᠨᠡᠮᠡᠭᠳᠡᠭᠦᠯᠬᠦ ᠦᠷ᠎ᠡ ᠠᠰᠢᠭ ᠢ ᠨᠡᠮᠡᠭᠳᠡᠭᠦᠯᠬᠦ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠭᠤᠣᠯᠳᠠᠯᠭ᠎ᠠ ᠲᠠᠢ ᠪᠠᠷ ᠭᠤᠣᠯᠯᠠᠭᠴᠢ ᠬᠡᠯᠪᠡᠷᠢ ᠶᠢᠨ᠂ ᠥᠰᠦᠯᠲᠡ ᠶᠢᠨ ᠬᠡᠯᠪᠡᠷᠢ ᠶᠢᠨ᠂ ᠴᠤᠬᠤᠶᠢᠯᠲᠠ ᠶᠢᠨ ᠬᠡᠯᠪᠡᠷᠢ ᠶᠢᠨ ᠡᠭᠦᠯᠳᠡᠷ ᠢ ᠲᠠᠨᠢᠯᠴᠠᠭᠤᠯᠵᠤ᠂ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠲᠠᠨᠢᠯᠴᠠᠭᠤᠯᠤᠭᠰᠠᠨ ᠡᠭᠦᠯᠳᠡᠷ ᠢ ᠲᠤᠬᠠᠢ ᠶᠢᠨ ᠭᠠᠵᠠᠷ ᠤᠨ ᠭᠤᠣᠯ ᠪᠣᠶᠢᠵᠢᠭᠤᠯᠬᠤ ᠡᠭᠦᠯᠳᠡᠷ ᠪᠣᠯᠭᠠᠬᠤ ᠪᠠᠷ ᠴᠢᠷᠮᠠᠶᠢᠵᠤ᠂ ᠲᠠᠷᠢᠶᠠᠯᠠᠩ ᠳᠤ ᠬᠡᠷᠡᠭᠯᠡᠬᠦ ᠡᠭᠦᠯᠳᠡᠷ ᠪᠠ ᠲᠠᠷᠢᠶᠠᠴᠢᠳ ᠤᠨ ᠦᠷ᠎ᠡ ᠰᠣᠩᠭᠤᠬᠤ ᠬᠡᠷᠡᠭᠴᠡᠭᠡ ᠳᠤ ᠨᠡᠩ ᠰᠠᠶᠢᠨ ᠦᠢᠯᠡᠴᠢᠯᠡᠬᠦ ᠬᠡᠷᠡᠭᠲᠡᠢ᠃ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠢ ᠲᠠᠷᠢᠶᠠᠴᠢᠳ ᠤᠨ ᠰᠠᠶᠢᠨ ᠡᠭᠦᠯᠳᠡᠷ ᠢ ᠰᠣᠩᠭᠤᠵᠤ ᠬᠡᠷᠡᠭᠯᠡᠬᠦ ᠳᠠᠪᠴᠠᠩ᠂ ᠦᠷ᠎ᠡ ᠶᠢᠨ ᠠᠵᠤ ᠠᠬᠤᠶᠢᠯᠠᠯ ᠤᠨ ︽ᠴᠢᠬᠢ ᠦᠵᠡᠵᠦ ᠦᠷ᠎ᠡ ᠰᠣᠩᠭᠤᠬᠤ︾ ᠤᠷᠤᠯᠳᠤᠭᠠᠨ ᠤ ᠳᠠᠪᠴᠠᠩ᠂ ᠰᠢᠨ᠎ᠡ ᠡᠭᠦᠯᠳᠡᠷ ᠢ ᠲᠠᠨᠢᠯᠴᠠᠭᠤᠯᠬᠤ ᠲᠠᠪᠴᠠᠩ ᠪᠣᠯᠭᠠᠨ ᠦᠨᠡᠨ ᠬᠦ ᠪᠠᠶᠢᠭᠤᠯᠬᠤ ᠬᠡᠷᠡᠭᠲᠡᠢ᠃
 
ᠢᠷᠡᠯᠲᠡ᠄ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号