ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠥᠭᠦᠮ ᠳᠥᠲᠡ᠂ ᠥᠨᠳᠥᠷ | ᠪᠦᠲᠦᠮᠵᠢᠲᠡᠶ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠭᠤᠭᠴᠤᠭ᠎ᠠ ᠪᠦᠬᠦ ᠬᠡᠯᠬᠢᠶ᠎ᠡ ᠶᠢ | ᠬᠠᠮᠤᠷᠤᠭᠰᠠᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ ᠶᠢ ᠠᠬᠢᠭᠤᠯᠵᠤ᠂ ᠮᠠᠨ ᠤ ᠣᠷᠣᠨ ᠤ | ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠥᠷᠨᠢᠩᠭᠦᠢ ᠬᠥᠭᠵᠢᠬᠦ ᠶᠢ ᠤᠯᠠᠮ ᠨᠢᠭᠡ ᠠᠯᠬᠤᠮ ᠬᠥᠲᠥᠯᠥᠨ | ᠵᠢᠯᠤᠭᠤᠳᠬᠤ ᠶᠢᠨ ᠲᠦᠯᠦᠭᠡ ᠂ ᠠᠶᠢᠮᠠᠭ ᠬᠤᠲᠠ ᠶᠢᠨ ᠪᠠᠲᠤᠯᠠᠨ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠤ | ᠬᠢᠨᠠᠨ ᠲᠣᠭᠲᠠᠭᠠᠬᠤ ᠲᠠᠰ ᠳᠠᠷᠠᠭᠠᠯᠠᠯ ᠤᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠬᠠᠢ ᠮᠡᠷᠭᠡᠵᠢᠯᠲᠡᠨ ᠢ ᠵᠣᠬᠢᠶᠠᠨ | ᠪᠠᠶᠢᠭᠤᠯᠤᠨ 97 ᠲᠠᠷᠢᠶᠠᠯᠠᠩ ᠤᠨ ᠨᠡᠶᠢᠭᠡᠮᠴᠢᠯᠡᠭᠰᠡᠨ ᠭᠤᠣᠯ ᠴᠣᠭᠴᠠ ︵37 ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ᠂ 60 ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠭᠤᠣᠯ ᠴᠣᠭᠴᠠ︶ ᠶᠢᠨ ᠦᠢᠯᠡᠴᠢᠯᠡᠭᠡᠨ ᠤ | ᠴᠢᠳᠠᠪᠤᠷᠢ ᠶᠢ ᠠᠳᠠᠯᠢᠳᠬᠠᠨ ᠰᠢᠯᠭᠠᠷᠠᠭᠤᠯᠵᠤ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠲᠤᠬᠠᠢ ᠶᠢᠨ | ᠲᠠᠯᠠᠪᠤᠷ ᠲᠤ ᠬᠤᠪᠢ ᠥᠭᠭᠦᠭᠰᠡᠨ ᠦᠷ᠎ᠡ ᠳ᠋ᠦᠩ ᠢ ᠦᠨᠳᠦᠰᠦᠯᠡᠨ᠂ ᠨᠡᠷᠡᠰ ᠤᠨ ᠵᠢᠭᠰᠠᠭᠠᠯᠲᠠ ᠶᠢ ᠳᠣᠣᠷᠠᠬᠢ ᠮᠡᠲᠦ | ᠲᠣᠭᠲᠠᠭᠠᠵᠤ᠂ ᠡᠳᠦᠭᠡ ᠵᠠᠷᠯᠠᠨ ᠨᠡᠶᠢᠲᠡᠯᠡᠵᠦ ᠪᠠᠶᠢᠨ᠎ᠠ ᠃ | | ᠳᠠᠭᠠᠯᠳᠤᠭᠤᠯᠤᠯ᠄ ᠥᠪᠥᠷ ᠮᠣᠩᠭᠤᠯ ᠤᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠴᠢᠳᠠᠪᠤᠷᠢ ᠶᠢ ᠠᠳᠠᠯᠢᠳᠬᠠᠨ ᠰᠢᠯᠭᠠᠷᠠᠭᠤᠯᠤᠭᠰᠠᠨ ᠦᠷ᠎ᠡ ᠳ᠋ᠦᠩ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2024 ᠣᠨ ᠤ 11 ᠰᠠᠷ᠎ᠠ ᠶᠢᠨ 25 ᠤ ᠡᠳᠦᠷ | |