11 ᠰᠠᠷ᠎ᠠ ᠳᠤ᠂ ᠨᠢᠭᠡ ᠪᠦᠯᠦᠭ ᠰᠢᠨ᠎ᠡ ᠲᠣᠭᠲᠠᠭᠠᠯ ᠢ ᠡᠬᠢᠯᠡᠨ ᠬᠡᠷᠡᠭᠵᠢᠭᠦᠯᠦᠨ᠎ᠡ᠂ ᠡᠳᠡᠭᠡᠷ ᠨᠢ ᠨᠡᠶᠢᠭᠡᠮ ᠤᠨ | ᠠᠮᠢᠳᠤᠷᠠᠯ ᠤᠨ ᠡᠯ᠎ᠡ ᠲᠠᠯ᠎ᠠ ᠳᠤ ᠠᠰᠢᠭ ᠬᠦᠷᠲᠡᠭᠡᠬᠦ ᠪᠣᠯᠣᠨ᠎ᠠ᠃ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠳᠤ | ᠡᠯᠧᠺᠲᠷᠣᠨ ᠪᠠᠷᠢᠮᠲᠠ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠵᠠᠮ ᠤᠨ ᠵᠠᠷᠤᠳᠠᠯ ᠤᠨ ᠲᠠᠩᠰᠠ ᠲᠠᠶᠢᠯᠬᠤ ᠳᠤ ᠨᠠᠩ ᠲᠥᠭᠦᠮ | ᠪᠤᠯᠤᠨ᠎ᠠ︔ ᠴᠠᠭᠢᠯᠭᠠᠨ ᠳᠤᠭᠤᠢ ᠲᠡᠷᠭᠡ ᠶᠢ ᠵᠠᠬ᠎ᠠ ᠳᠡᠯᠭᠡᠭᠦᠷ ᠲᠤ ᠤᠷᠤᠭᠤᠯᠬᠤ ᠵᠥᠪᠰᠢᠶᠡᠷᠡᠯ ᠢ ᠴᠢᠩᠭᠠᠳᠬᠠᠵᠤ᠂ | ᠬᠡᠷᠡᠭᠯᠡᠬᠦ ᠳᠤ ᠨᠠᠩ ᠠᠮᠤᠷ ᠲᠦᠪᠰᠢᠨ ᠪᠤᠯᠭᠠᠨ᠎ᠠ︔ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢ ᠬᠠᠤᠯᠢ | ᠶᠣᠰᠣᠭᠠᠷ ᠴᠢᠩᠭᠠᠳᠬᠠᠵᠤ᠂ ᠭᠡᠨᠡᠳᠲᠡ ᠶᠢᠨ ᠬᠡᠷᠡᠭ ᠡᠭᠦᠰᠬᠦ ᠶᠢ ᠰᠡᠷᠭᠡᠶᠢᠯᠡᠨ ᠪᠠᠭᠠᠰᠬᠠᠨ᠎ᠠ ᠁ | ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠳᠤ ᠡᠯᠧᠺᠲᠷᠣᠨ ᠪᠠᠷᠢᠮᠲᠠ ᠶᠢ ᠪᠦᠭᠦ ᠲᠠᠯ᠎ᠠ ᠪᠠᠷ ᠳᠡᠯᠭᠡᠷᠡᠭᠦᠯᠦᠨ | ᠬᠡᠷᠡᠭᠯᠡᠨ᠎ᠡ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠲᠡᠮᠦᠷ | ᠵᠠᠮ ᠤᠨ ᠪᠦᠯᠦᠭᠯᠡᠯ ᠠᠯᠪᠠᠨ ᠵᠠᠷᠯᠠᠯ ᠨᠡᠶᠢᠲᠡᠯᠡᠵᠦ᠂ 11 ᠰᠠᠷ᠎ᠠ ᠶᠢᠨ 1 ᠤ ᠡᠳᠦᠷ ᠠᠴᠠ ᠡᠬᠢᠯᠡᠨ ᠲᠡᠮᠦᠷ ᠵᠠᠮ ᠤᠨ | ᠠᠶᠠᠨᠴᠢᠳ ᠤᠨ ᠲᠡᠭᠡᠭᠡᠪᠦᠷᠢ ᠳᠤ ᠡᠯᠧᠺᠲᠷᠣᠨ ᠪᠠᠷᠢᠮᠲᠠ ︵ᠲᠡᠮᠦᠷ ᠵᠠᠮ ᠤᠨ ᠡᠯᠧᠺᠲᠷᠣᠨ ᠲᠡᠷᠭᠡᠨ ᠪᠢᠯᠧᠲ︶ ᠶᠢ ᠬᠡᠷᠡᠭᠯᠡᠵᠦ᠂ | ᠠᠶᠠᠨᠴᠢᠳ ᠲᠡᠮᠦᠷ ᠵᠠᠮ ᠤᠨ ᠲᠡᠷᠭᠡᠨ ᠪᠢᠯᠧᠲ ︵ᠲᠠᠩᠰᠠᠨ ᠠᠴᠠ ᠲᠠᠶᠢᠯᠬᠤ ᠴᠠᠭᠠᠰᠤᠨ ᠭᠡᠷᠡᠴᠢ︶ ᠳᠠᠷᠤᠮᠠᠯᠯᠠᠬᠤ ᠴᠢᠬᠤᠯᠠ | ᠦᠭᠡᠢ ᠪᠣᠯᠵᠠᠢ᠃ | ᠠᠶᠠᠨᠴᠢᠳ ᠪᠠ ᠪᠠᠶᠢᠭᠤᠯᠭ᠎ᠠ ᠨᠢᠭᠡᠴᠢ ᠳᠤ ᠲᠥᠭᠦᠮ ᠦᠵᠡᠭᠦᠯᠭᠦ ᠶᠢᠨ ᠲᠥᠯᠥᠭᠡ᠂ ᠲᠡᠮᠦᠷ ᠵᠠᠮ ᠤᠨ ᠠᠶᠠᠨᠴᠢᠳ ᠤᠨ | ᠲᠡᠭᠡᠭᠡᠪᠦᠷᠢ ᠳᠤ ︽ᠴᠠᠭᠠᠰᠤᠨ ᠪᠢᠯᠧᠲ ᠪᠠ ᠡᠯᠧᠺᠲᠷᠣᠨ ᠪᠢᠯᠧᠲ ᠢ ᠴᠥᠮ ᠬᠡᠷᠡᠭᠯᠡᠵᠦ ᠪᠤᠯᠬᠤ︾ ᠰᠢᠯᠵᠢᠯᠲᠡ ᠶᠢᠨ | ᠬᠤᠭᠤᠴᠠᠭ᠎ᠠ ᠶᠢ ᠲᠣᠬᠢᠷᠠᠭᠤᠯᠵᠤ᠂ ᠰᠢᠯᠵᠢᠯᠲᠡ ᠶᠢᠨ ᠬᠤᠭᠤᠴᠠᠭ᠎ᠠ ᠨᠢ 2025 ᠣᠨ ᠤ 9 ᠰᠠᠷ᠎ᠠ ᠶᠢᠨ 30 ᠤ ᠡᠳᠦᠷ | ᠪᠤᠯᠲᠠᠯ᠎ᠠ ᠶᠠᠪᠤᠭᠳᠠᠨ᠎ᠠ᠃ | ᠴᠠᠭᠢᠯᠭᠠᠨ ᠳᠤᠭᠤᠢ ᠲᠡᠷᠭᠡ ᠶᠢ ᠵᠠᠬ᠎ᠠ ᠳᠡᠯᠭᠡᠭᠦᠷ ᠲᠤ ᠤᠷᠤᠭᠤᠯᠬᠤ ᠵᠥᠪᠰᠢᠶᠡᠷᠡᠯ ᠪᠠ ᠠᠵᠢᠯ ᠲᠥᠷᠥᠯ ᠤᠨ | ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠨ᠎ᠠ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠣᠨ ᠤᠯᠤᠰ ᠤᠨ ᠭᠠᠯ ᠰᠡᠷᠭᠡᠶᠢᠯᠡᠵᠦ ᠭᠠᠯ | ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠶᠢᠨ ᠨᠡᠶᠢᠲᠡᠯᠡᠭᠰᠡᠨ ᠠᠯᠪᠠᠨ ᠵᠠᠷᠯᠠᠯ ᠳᠤ᠂ 11 ᠰᠠᠷ᠎ᠠ ᠶᠢᠨ 1 ᠤ | ᠡᠳᠦᠷ ᠠᠴᠠ ᠡᠬᠢᠯᠡᠨ᠂ ᠰᠢᠨ᠎ᠡ ᠪᠠᠷ ᠭᠡᠷᠡᠴᠢᠯᠡᠯ ᠬᠢᠯᠭᠡᠬᠦ ᠴᠠᠭᠢᠯᠭᠠᠨ ᠳᠤᠭᠤᠢ ᠲᠡᠷᠭᠡ ᠨᠢ ᠬᠤᠯᠪᠣᠭᠳᠠᠯ ᠪᠦᠬᠦᠢ | ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠵᠢᠴᠢ ᠵᠠᠰᠠᠪᠤᠷᠢ ᠣᠷᠣᠭᠤᠯᠬᠤ ᠬᠠᠭᠤᠳᠠᠰᠤ ᠶᠢᠨ ᠱᠠᠭᠠᠷᠳᠠᠯᠭ᠎ᠠ ᠲᠠᠢ | ᠨᠡᠶᠢᠴᠡᠵᠦ᠂ ᠭᠡᠷᠡᠴᠢᠯᠡᠯ ᠬᠢᠯᠭᠡᠬᠦ ᠶᠢᠨ ᠬᠠᠮᠲᠤ ᠭᠡᠷᠡᠴᠢᠯᠡᠯ ᠤᠨ ᠲᠡᠮᠳᠡᠭ ᠬᠠᠲᠠᠭᠰᠠᠨ ᠤ ᠳᠠᠷᠠᠭ᠎ᠠ ᠰᠠᠶ᠋ᠢ ᠪᠣᠷᠣᠯᠠᠭᠤᠯᠬᠤ᠂ | ᠭᠠᠳᠠᠭᠠᠳᠤ ᠠᠴᠠ ᠣᠷᠣᠭᠤᠯᠬᠤ ᠪᠤᠶᠤ ᠪᠤᠰᠤᠳ ᠡᠵᠡᠩᠨᠡᠯᠲᠡ ᠶᠢᠨ ᠠᠵᠢᠯᠯᠠᠭ᠎ᠠ ᠳᠤᠮᠳᠠ ᠬᠡᠷᠡᠭᠯᠡᠵᠦ ᠪᠣᠯᠣᠨ᠎ᠠ᠃ | ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠰᠠᠯᠠᠭ᠎ᠠ ᠮᠥᠴᠢᠷ | ᠴᠠᠭᠢᠯᠭᠠᠨ ᠳᠤᠭᠤᠢ ᠲᠡᠷᠭᠡᠨ ᠤ ᠳᠠᠩᠰᠠᠯᠠᠵᠤ ᠫᠠᠶᠢᠰᠠ ᠣᠯᠭᠤᠬᠤ ᠬᠠᠮᠢᠶᠠᠷᠤᠯᠲᠠ ᠶᠢ ᠴᠢᠩᠭᠠᠳᠬᠠᠵᠤ᠂ ᠪᠣᠷᠣᠯᠠᠭᠤᠯᠤᠭᠰᠠᠨ | ᠪᠠᠷᠢᠮᠲᠠ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ ᠪᠠ ᠠᠯᠪᠠᠳᠠᠯᠭ᠎ᠠ ᠶᠢᠨ ᠴᠢᠨᠠᠷᠲᠠᠢ ᠦᠢᠯᠡᠳᠬᠦᠨ ᠤ ᠭᠡᠷᠡᠴᠢᠯᠡᠯ | ᠵᠡᠷᠭᠡ ᠶᠢ ᠴᠢᠩᠭ᠎ᠠ ᠬᠢᠨᠠᠨ ᠰᠢᠯᠭᠠᠨ᠎ᠠ᠃ | ᠭᠤᠶᠣᠯᠠᠯ ᠤᠨ ᠡᠳ᠋ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | ᠤᠯᠤᠰ ᠤᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ︽ᠭᠤᠶᠣᠯᠠᠯ ᠤᠨ | ᠡᠳ᠋ ᠤᠨ ᠪᠠᠶᠢᠴᠠᠭᠠᠯᠲᠠ ᠬᠠᠮᠢᠶᠠᠷᠤᠯᠲᠠ ᠶᠢᠨ ᠠᠷᠭ᠎ᠠ︾ ᠶᠢ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠠᠷᠭ᠎ᠠ ᠳᠤ᠂ ᠪᠠᠶᠢᠴᠠᠭᠠᠬᠤ ᠪᠠᠶᠢᠭᠤᠯᠤᠮᠵᠢ ᠨᠢ ᠪᠠᠶᠢᠴᠠᠭᠠᠬᠤ ᠠᠵᠢᠯ ᠤᠨ ᠬᠠᠮᠢᠶᠠᠷᠤᠯᠲᠠ ᠶᠢᠨ ᠳᠦᠷᠢᠮ ᠪᠠ | ᠪᠠᠷᠢᠮᠵᠢᠶᠠᠲᠤ ᠲᠠᠰ ᠳᠠᠷᠠᠭᠠᠯᠠᠯ ᠢ ᠪᠠᠶᠢᠭᠤᠯᠬᠤ ᠶᠢᠨ ᠬᠠᠮᠲᠤ ᠬᠡᠷᠡᠭᠵᠢᠭᠦᠯᠵᠦ᠂ ᠭᠤᠶᠣᠯᠠᠯ ᠤᠨ ᠡᠳ᠋ ᠤᠨ ᠪᠠᠶᠢᠴᠠᠭᠠᠯᠲᠠ ᠶᠢᠨ | ᠠᠵᠢᠯ ᠢ ᠦᠷᠭᠦᠯᠵᠢᠯᠡᠨ ᠰᠠᠶᠢᠵᠢᠷᠠᠭᠤᠯᠵᠤ᠂ ᠪᠠᠶᠢᠴᠠᠭᠠᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ ᠭᠡᠵᠦ | ᠲᠣᠳᠣᠷᠬᠠᠶᠢᠯᠠᠵᠠᠢ᠃ | ᠭᠤᠶᠣᠯᠠᠯ ᠤᠨ ᠡᠳ᠋ ᠨᠢ ᠬᠥᠮᠥᠨ ᠤ ᠪᠡᠶ᠎ᠡ ᠶᠢ ᠭᠡᠮᠲᠦᠭᠡᠭᠰᠡᠨ ᠪᠤᠶᠤ ᠬᠥᠮᠥᠨ ᠤ ᠪᠡᠶ᠎ᠡ ᠶᠢᠨ ᠡᠷᠡᠭᠦᠯ ᠮᠡᠡᠳᠦ ᠳᠤ | ᠬᠤᠣᠷ ᠬᠥᠨᠥᠭᠡᠯ ᠤᠴᠠᠷᠠᠭᠤᠯᠵᠤ ᠮᠡᠳᠡᠬᠦ ᠭᠡᠷᠡᠴᠢ ᠪᠠᠷᠢᠮᠲᠠ ᠲᠠᠢ ᠪᠠᠶᠢᠪᠠᠯ᠂ ᠪᠠᠶᠢᠴᠠᠭᠠᠬᠤ ᠠᠵᠢᠯᠲᠠᠨ ᠲᠡᠷᠡ ᠳᠠᠷᠤᠢ ᠳᠤᠨᠢ | ᠲᠣᠮᠢᠯᠠᠭᠰᠠᠨ ᠨᠢᠭᠡᠴᠢ ᠳᠤ ᠮᠡᠳᠡᠭᠦᠯᠬᠦ ᠬᠡᠷᠡᠭᠲᠡᠢ ᠪᠥᠭᠡᠳ ᠪᠠᠶᠢᠴᠠᠭᠠᠭᠳᠠᠭᠴᠢ ᠶᠢᠨ ᠪᠠᠶᠢᠭ᠎ᠠ ᠭᠠᠵᠠᠷ ᠤᠨ ᠡᠮ ᠤᠨ ᠵᠦᠢᠯᠡᠰ ᠢ | ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ᠃ | ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠨᠢ | ᠨᠢᠭᠤᠴᠠ ᠶᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠦᠨ᠎ᠡ | ᠤᠯᠤᠰ ᠤᠨ ᠨᠢᠭᠤᠴᠠ ᠨᠣᠮᠧᠷ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ︽ᠡᠯᠧᠺᠲᠷᠣᠨ ᠵᠠᠰᠠᠭ ᠤᠨ | ᠶᠠᠪᠤᠳᠠᠯ ᠤᠨ ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠶᠢ 11 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠠᠷᠭ᠎ᠠ ᠳᠤ᠂ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡ ᠬᠢᠬᠦ | ᠪᠠᠶᠢᠭᠤᠯᠤᠮᠵᠢ ᠨᠢ ᠤᠯᠤᠰ ᠤᠨ ᠨᠢᠭᠤᠴᠠ ᠨᠣᠮᠧᠷ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠤᠲᠠᠯᠠᠯᠲᠠ ᠪᠠᠷ ᠳᠠᠮᠵᠢᠵᠤ᠂ | ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡ ᠬᠢᠬᠦ ᠬᠢᠷᠢ ᠭᠡᠮ ᠢ ᠬᠠᠤᠯᠢ ᠶᠣᠰᠣᠭᠠᠷ | ᠣᠯᠣᠭᠰᠠᠨ ᠪᠠᠶᠢᠬᠤ ᠬᠡᠷᠡᠭᠲᠡᠢ ᠭᠡᠵᠦ ᠲᠣᠳᠣᠷᠬᠠᠶᠢᠯᠠᠵᠠᠢ᠃ | ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠨᠢ | ᠨᠢᠭᠤᠴᠠ ᠶᠢ ᠬᠠᠮᠠᠭᠠᠯᠠᠬᠤ ᠪᠦᠷᠢᠨ ᠲᠡᠭᠦᠯᠳᠡᠷ ᠳᠦᠷᠢᠮ ᠢ ᠪᠠᠶᠢᠭᠤᠯᠵᠤ᠂ ᠠᠵᠢᠯ ᠤᠨ ᠳᠤᠮᠳᠠ ᠪᠠᠨ ᠣᠯᠵᠤ ᠮᠡᠳᠡᠭᠰᠡᠨ | ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠨᠢᠭᠤᠴᠠ ᠶᠢ ᠬᠠᠮᠠᠭᠠᠯᠠᠬᠤ ᠡᠭᠦᠷᠭᠡ ᠶᠢ | ᠡᠭᠦᠷᠭᠡᠯᠡᠵᠦ᠂ ᠵᠣᠬᠢᠬᠤ ᠮᠡᠷᠭᠡᠵᠢᠯ ᠤᠨ ᠠᠷᠭ᠎ᠠ ᠬᠡᠮᠵᠢᠶ᠎ᠡ ᠪᠠ ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ | ᠬᠤᠯᠪᠣᠭᠳᠠᠯ ᠪᠦᠬᠦᠢ ᠮᠡᠳᠡᠭᠡ ᠵᠠᠩᠭᠢ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ | ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠨ᠎ᠠ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠭᠡᠨᠡᠳᠲᠡ ᠶᠢᠨ ᠬᠡᠷᠡᠭ ᠢ | ᠠᠷᠭᠠᠴᠠᠭᠠᠬᠤ ᠬᠠᠤᠯᠢ ᠶᠢ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠵᠠᠰᠠᠪᠤᠷᠢ ᠣᠷᠣᠭᠤᠯᠤᠭᠰᠠᠨ ᠤ | ᠳᠠᠷᠠᠭᠠᠬᠢ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠨᠢ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠮᠢᠶᠠᠷᠤᠯᠲᠠ ᠪᠠ | ᠵᠢᠯᠤᠭᠤᠳᠬᠤ ᠪᠠᠶᠢᠭᠤᠯᠤᠯ ᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠪᠠ᠃ | ᠳᠠᠩᠰᠠᠯᠠᠵᠤ ᠬᠢᠨᠠᠨ ᠪᠠᠶᠢᠴᠠᠭᠠᠬᠤ ᠠᠵᠢᠯ ᠤᠨ ᠳᠦᠷᠢᠮ ᠤᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠶᠢᠲᠡᠯᠡᠭᠰᠡᠨ ︽ᠬᠠᠤᠯᠢ ᠲᠣᠭᠲᠠᠭᠠᠯ ᠳᠦᠷᠢᠮ ᠲᠣᠭᠲᠠᠭᠠᠯ ᠢ ᠳᠡᠩᠰᠡᠯᠡᠵᠦ | ᠬᠢᠨᠠᠨ ᠪᠠᠶᠢᠴᠠᠭᠠᠬᠤ ᠳᠦᠷᠢᠮ︾ ᠢ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠳᠦᠷᠢᠮ ᠳᠤ ᠳᠠᠩᠰᠠᠯᠠᠬᠤ ᠬᠡᠪᠴᠢᠶ᠎ᠡ ᠶᠢ ᠥᠷᠭᠡᠳᠬᠡᠵᠦ᠂ ᠫᠦᠳᠦ᠋ᠩ ᠰᠢᠨ᠎ᠡ ᠲᠣᠭᠤᠷᠢᠭ ᠤᠨ ᠬᠠᠤᠯᠢ ᠲᠣᠭᠲᠠᠭᠠᠯ᠂ | ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠬᠠᠤᠯᠢ ᠲᠣᠭᠲᠠᠭᠠᠯ᠂ ᠬᠠᠤᠯᠢ ᠳᠤ ᠲᠣᠭᠲᠠᠭᠠᠭᠰᠠᠨ ᠪᠠᠶᠢᠭᠤᠯᠤᠮᠵᠢ ᠶᠢᠨ | ᠲᠣᠭᠲᠠᠭᠠᠭᠰᠠᠨ ᠳᠦᠷᠢᠮ ᠲᠣᠭᠲᠠᠭᠠᠯ ᠢ ᠳᠠᠩᠰᠠᠯᠠᠬᠤ ᠬᠡᠪᠴᠢᠶᠡᠨ ᠳᠤ ᠣᠷᠣᠭᠤᠯᠵᠤ᠂ ᠮᠡᠳᠡᠭᠦᠯᠦᠨ ᠳᠠᠩᠰᠠᠯᠠᠭᠤᠯᠬᠤ ᠭᠤᠣᠯ | ᠴᠣᠭᠴᠠ ᠶᠢ ᠲᠣᠳᠣᠷᠬᠠᠶᠢᠯᠠᠪᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠤᠯᠤᠰ ᠤᠨ ᠴᠢᠬᠤᠯᠠ ᠶᠡᠭᠡ ᠥᠭᠡᠷᠡᠴᠢᠯᠡᠯᠲᠡ ᠶᠢᠨ ᠴᠢᠭᠯᠡᠯ ᠲᠠᠢ | ᠨᠡᠶᠢᠴᠡᠬᠦ ᠡᠰᠡᠬᠦ᠂ ᠳᠦᠷᠢᠮ ᠲᠣᠭᠲᠠᠭᠠᠯ ᠳᠤ ᠲᠣᠭᠲᠠᠭᠠᠭᠰᠠᠨ ᠠᠷᠭ᠎ᠠ ᠬᠡᠮᠵᠢᠶ᠎ᠡ ᠨᠢ ᠬᠠᠤᠯᠢ ᠲᠣᠭᠲᠠᠭᠠᠬᠤ ᠬᠠᠷᠠᠯᠲᠠ ᠪᠠ | ᠪᠣᠳᠠᠲᠤ ᠪᠠᠶᠢᠳᠠᠯ ᠲᠠᠢ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠬᠤ ᠵᠦᠢᠯ ᠪᠣᠯᠭᠠᠨ ᠨᠡᠮᠡᠨ᠎ᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 31 ᠤ ᠴᠠᠭᠢᠯᠭᠠᠨ ᠮᠡᠳᠡᠭᠡ ᠠᠴᠠ︶ |