ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠬᠠᠮᠲᠤᠷᠠᠨ | ᠣᠶᠢᠷ᠎ᠠ ᠳᠤ ︽ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠶᠢ | ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠤᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠤᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠠᠮᠵᠢᠯᠴᠠᠬᠤ ᠲᠣᠭᠲᠠᠴᠠ ᠶᠢ ᠭᠦᠨᠵᠡᠭᠡᠢ ᠠᠬᠢᠭᠤᠯᠬᠤ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠯᠠᠭ᠎ᠠ ᠶᠢ ᠵᠢᠷᠤᠮᠵᠢᠭᠤᠯᠬᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ | ᠰᠢᠯᠭᠠᠨ ᠬᠢᠨᠠᠬᠤ ᠶᠢ ᠴᠢᠩᠭᠠᠳᠬᠠᠬᠤ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠠᠲᠤᠯᠠᠭ᠎ᠠ ᠶᠢ | ᠴᠢᠩᠭᠠᠳᠬᠠᠬᠤ ᠵᠡᠷᠭᠡ 5 ᠲᠠᠯ᠎ᠠ ᠪᠠᠷ ᠪᠠᠶᠢᠷᠢᠯᠠᠭᠤᠯᠤᠯᠲᠠ ᠬᠢᠪᠡ᠃ | ︽ᠬᠡᠷᠡᠭᠵᠢᠭᠦᠯᠬᠦ ᠰᠠᠨᠠᠯ︾ ᠳᠤ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠣᠯᠭᠠᠯᠴᠠᠭ᠎ᠠ ᠪᠠ ᠬᠠᠮᠵᠢᠯᠴᠠᠭ᠎ᠠ ᠶᠢ ᠴᠢᠩᠭᠠᠳᠬᠠᠵᠤ᠂ ᠬᠤᠰᠢᠭᠤ | ᠰᠢᠶᠠᠨ ᠤ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠬᠤᠰᠢᠭᠤ ᠰᠢᠶᠠᠨ᠂ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠡᠷᠡᠭ ᠢ | ᠰᠢᠯᠵᠢᠭᠦᠯᠦᠨ ᠬᠦᠷᠭᠡᠵᠦ ᠭᠥᠯᠢᠶᠡᠨ ᠠᠪᠬᠤ᠂ ᠰᠢᠳᠭᠡᠵᠦ ᠬᠡᠷᠡᠭ ᠪᠣᠯᠭᠠᠨ ᠳᠠᠩᠰᠠᠯᠠᠬᠤ᠂ ᠦᠷ᠎ᠡ ᠳ᠋ᠦᠩ ᠢ ᠬᠠᠷᠢᠭᠤ | ᠲᠤᠰᠬᠠᠬᠤ᠂ ᠵᠣᠬᠢᠴᠠᠭᠤᠯᠤᠨ ᠬᠢᠨᠠᠯᠲᠠ ᠲᠠᠯᠪᠢᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ᠎ᠠ︔ ᠡᠯ᠎ᠡ ᠱᠠᠲᠤᠨ ᠤ | ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠱᠠᠲᠤᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ ᠤᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠳᠦᠷᠢᠮ ᠢ ᠪᠦᠷᠢᠨᠰᠢᠭᠦᠯᠵᠦ᠂ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠵᠤ ᠪᠠᠶᠢᠴᠠᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠪᠦᠭᠦᠨ ᠢ ᠪᠦᠷᠬᠦᠭᠦᠯᠬᠦ ᠶᠢ ᠠᠬᠢᠭᠤᠯᠤᠨ᠎ᠠ ᠭᠡᠵᠦ ᠳᠤᠷᠠᠳᠴᠠᠢ᠃ | ︽ᠬᠡᠷᠡᠭᠵᠢᠭᠦᠯᠬᠦ ᠰᠠᠨᠠᠯ︾ ᠳᠤ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠭᠡᠮ ᠤᠨ | ᠬᠠᠮᠢᠶᠠᠷᠤᠯᠲᠠ ᠪᠠ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠪᠠᠷᠢᠮᠵᠢᠶᠠᠵᠢᠭᠤᠯᠤᠨ ᠳᠦᠷᠢᠮᠵᠢᠭᠦᠯᠬᠦ ᠪᠣᠯᠪᠠᠰᠤᠷᠠᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠤᠯᠤᠰ ᠲᠥᠷᠥ ᠶᠢᠨ ᠴᠢᠳᠠᠪᠤᠷᠢ᠂ | ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠭᠦ ᠲᠠᠯ᠎ᠠ ᠪᠠᠷ | ᠳᠡᠭᠡᠭᠰᠢᠯᠡᠭᠦᠯᠤᠨ᠎ᠠ︔ ᠬᠠᠤᠯᠢ ᠬᠡᠷᠡᠭᠵᠢᠭᠦᠯᠬᠦ ᠠᠵᠢᠯ ᠤᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠬᠠᠤᠯᠢ | ᠬᠡᠷᠡᠭᠵᠢᠭᠦᠯᠬᠦ ᠳᠤ ᠬᠡᠷᠡᠭᠰᠡᠬᠦ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠪᠠᠶᠢᠴᠠᠭᠠᠵᠤ ᠭᠡᠷᠡᠴᠢ ᠠᠪᠬᠤ ᠵᠡᠷᠭᠡ ᠲᠣᠨᠤᠭ | ᠲᠥᠬᠦᠭᠡᠷᠦᠮᠵᠢ ᠶᠢ ᠵᠦᠢ ᠵᠣᠬᠢᠰᠲᠠᠢ ᠳᠣᠭᠢᠷᠠᠭᠤᠯᠤᠨ᠎ᠠ︔ ︽ᠣᠶᠤᠨᠴᠢ ᠪᠠᠷ ᠬᠠᠤᠯᠢ ᠬᠡᠷᠡᠭᠵᠢᠭᠦᠯᠬᠦ︾ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠪᠰᠤᠷᠤᠮᠵᠢ ᠰᠢᠰᠲ᠋ᠧᠮ ᠢ | ᠪᠠᠶᠢᠭᠤᠯᠤᠨ᠂ ᠪᠦᠭᠦ ᠤᠯᠤᠰ ᠤᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠰᠢᠰᠲ᠋ᠧᠮ ᠲᠠᠢ ᠵᠣᠯᠭᠠᠭᠤᠯᠵᠤ᠂ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ᠂ ᠬᠠᠤᠯᠢ | ᠬᠡᠷᠡᠭᠵᠢᠭᠦᠯᠬᠦ ᠦᠨᠳᠦᠰᠦᠯᠡᠯ᠂ ᠲᠤᠬᠠᠶᠢᠯᠠᠭᠰᠠᠨ ᠠᠵᠢᠯ ᠤᠨ ᠳᠡᠰ ᠳᠠᠷᠠᠭᠠᠯᠠᠯ ᠵᠡᠷᠭᠡ ᠵᠢᠷᠤᠮᠵᠢᠬᠰᠠᠨ ᠪᠠ ᠪᠠᠷᠢᠮᠵᠢᠶᠠᠵᠢᠭᠰᠠᠨ | ᠬᠠᠮᠢᠶᠠᠷᠤᠯᠲᠠ ᠶᠢ ᠪᠡᠶᠡᠯᠡᠭᠦᠯᠦᠨ᠎ᠡ ᠭᠡᠵᠦ ᠳᠤᠷᠠᠳᠴᠠᠢ᠃ |