ᠨᠢᠭᠡ᠂ ᠬᠡᠷᠡᠭᠵᠢᠭᠦᠯᠬᠦ ᠬᠡᠪᠴᠢᠶ᠎ᠡ | ᠪᠥᠬᠦ ᠣᠷᠣᠨ ᠤ 12 ᠠᠶᠢᠮᠠᠭ ᠬᠤᠲᠠ᠂ 2 ᠲᠤᠰᠠᠭᠠᠷ ᠲᠥᠯᠥᠪᠯᠡᠭᠡᠲᠦ ᠬᠤᠲᠠ᠃ | ᠬᠤᠶᠠᠷ᠂ ᠨᠥᠬᠦᠪᠦᠷᠢ ᠣᠯᠭᠤᠬᠤ ᠡᠲᠡᠭᠡᠳ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠳᠣᠲᠣᠷ᠎ᠠ ᠳᠠᠩᠰᠠᠯᠠᠭᠤᠯᠤᠭᠰᠠᠨ᠂ | ᠡᠭᠦᠯᠳᠡᠷ ᠪᠣᠶᠢᠵᠢᠭᠤᠯᠬᠤ ᠪᠠᠶᠢᠭᠤᠯᠤᠮᠵᠢ᠂ ᠡᠭᠦᠯᠳᠡᠷ ᠪᠣᠶᠢᠵᠢᠭᠤᠯᠬᠤ ᠪᠦᠯᠬᠦᠮ ᠨᠡᠶᠢᠲᠡ᠂ ᠡᠭᠦᠯᠳᠡᠷ ᠪᠣᠶᠢᠵᠢᠭᠤᠯᠬᠤ | ᠡᠬᠢ ᠪᠠᠶᠠᠯᠢᠭ᠂ ᠡᠭᠦᠯᠳᠡᠷ ᠪᠣᠶᠢᠵᠢᠭᠤᠯᠬᠤ ᠪᠡᠯᠡᠳᠬᠡᠮᠵᠢ ᠲᠥᠬᠦᠭᠡᠷᠦᠮᠵᠢ ᠪᠠ ᠡᠭᠦᠯᠳᠡᠷ ᠪᠣᠶᠢᠵᠢᠭᠤᠯᠬᠤ ᠰᠢᠨᠵᠢᠯᠡᠬᠦ | ᠤᠬᠠᠭᠠᠨ ᠤ ᠰᠤᠳᠤᠯᠤᠯ ᠤᠨ ᠴᠢᠳᠠᠪᠤᠷᠢ ᠲᠠᠢ ᠪᠠᠶᠢᠬᠤ ᠶᠢᠨ ᠬᠠᠮᠲᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠢᠨᠵᠧᠨᠧᠷᠢᠩ ᠤᠨ ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ | ᠠᠵᠢᠯ ᠤᠨ ᠥᠷᠲᠡᠭᠡ ᠯᠦᠭᠡ ᠨᠢᠭᠲᠠ ᠬᠠᠮᠲᠤᠷᠠᠯᠴᠠᠬᠤ ᠬᠠᠷᠢᠴᠠᠭ᠎ᠠ ᠪᠦᠬᠦᠢ ᠰᠠᠭᠠᠯᠢ ᠶᠢᠨ ᠦᠨᠢᠶᠡᠨ ᠤ ᠡᠭᠦᠯᠳᠡᠷ | ᠪᠣᠶᠢᠵᠢᠭᠤᠯᠬᠤ ᠠᠵᠤ ᠠᠬᠤᠶᠢᠯᠠᠯ᠃ | ᠭᠤᠷᠪᠠ᠂ ᠨᠥᠬᠦᠪᠦᠷᠢ ᠥᠭᠬᠦ ᠪᠠᠷᠢᠮᠵᠢᠶ᠎ᠠ | 1. ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠦᠨᠡᠯᠡᠯᠲᠡ ᠶᠢᠨ ᠦᠷ᠎ᠡ ᠳ᠋ᠦᠩ ᠨᠢ ᠰᠠᠶᠢᠨ ᠳᠡᠰ ᠠᠴᠠ | ᠳᠡᠭᠡᠭᠰᠢᠬᠢ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠨᠢᠭᠡᠪᠦᠷᠢ ᠳᠤ ᠰᠠᠭᠤᠷᠢ | ᠴᠢᠨᠠᠷᠲᠠᠢ ᠱᠠᠩᠨᠠᠯ 100 ᠲᠦᠮᠡᠨ ᠲᠥᠭᠦᠷᠢᠭ ᠣᠯᠭᠤᠨ᠎ᠠ᠃ | 2. ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ | ᠬᠤᠯᠠᠨᠳ᠋ ᠤᠨ ᠦᠬᠡᠷ ᠤᠨ ᠡᠭᠦᠯᠳᠡᠷ ᠤᠨ ᠪᠤᠬ᠎ᠠ TPI ᠶᠢᠨ ᠶᠡᠷᠦᠩᠬᠡᠶᠢᠯᠡᠭᠰᠡᠨ ᠡᠭᠦᠯᠳᠡᠷ ᠪᠣᠶᠢᠵᠢᠭᠤᠯᠬᠤ ᠬᠡᠮᠵᠢᠭᠳᠡᠯ | ᠠᠮᠧᠷᠢᠺᠠ ᠶᠢᠨ ᠬᠤᠯᠠᠨᠳ᠋ ᠤᠨ ᠨᠡᠶᠢᠭᠡᠮᠯᠢᠭ ︵CDCB︶ ᠤᠨ ᠨᠡᠶᠢᠲᠡᠯᠡᠭᠰᠡᠨ ᠭᠧᠨ ᠤ ᠪᠦᠯᠦᠭ ᠤᠨ ᠰᠣᠩᠭᠤᠭᠰᠠᠨ | ᠡᠭᠦᠯᠳᠡᠷ ᠤᠨ ᠪᠤᠬ᠎ᠠ ᠶᠢᠨ ᠲᠦᠷᠦᠭᠦᠸ 200 ᠨᠡᠷᠡᠰ ᠲᠤ ᠣᠷᠣᠭᠰᠠᠨ ᠪᠠᠶᠢᠪᠠᠯ᠂ ᠡᠭᠦᠯᠳᠡᠷ ᠤᠨ ᠪᠤᠬ᠎ᠠ ᠨᠢᠭᠡᠪᠦᠷᠢ ᠶᠢ | 100 ᠲᠦᠮᠡᠨ ᠲᠥᠭᠦᠷᠢᠭ ᠢᠶᠠᠷ ᠱᠠᠩᠨᠠᠨ᠎ᠠ᠃ | 3. ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ | ᠬᠤᠯᠠᠨᠳ᠋ ᠤᠨ ᠦᠬᠡᠷ ᠪᠥᠬᠦ ᠤᠯᠤᠰ ᠤᠨ ᠬᠤᠯᠠᠨᠳ᠋ ᠤᠨ ᠦᠬᠡᠷ ᠤᠨ ᠡᠭᠦᠯᠳᠡᠷ ᠤᠨ ᠪᠤᠬ᠎ᠠ ︵CPI ᠶᠢᠨ ᠵᠢᠭᠠᠯᠲᠠ | ᠲᠤᠭ᠎ᠠ︶ ᠶᠢᠨ ᠡᠮᠦᠨ᠎ᠡ 50 ᠨᠡᠷᠡᠰ ᠲᠤ ᠣᠷᠣᠭᠰᠠᠨ ᠪᠠᠶᠢᠪᠠᠯ᠂ ᠪᠤᠬ᠎ᠠ ᠨᠢᠭᠡᠪᠦᠷᠢ ᠶᠢ 100 ᠲᠦᠮᠡᠨ ᠲᠥᠭᠦᠷᠢᠭ ᠢᠶᠠᠷ | ᠱᠠᠩᠨᠠᠵᠤ᠂ 50 ︵ᠪᠠᠭᠲᠠᠬᠤ ᠦᠭᠡᠢ︶ ᠠᠴᠠ 100 ᠨᠡᠷᠡᠰ ᠲᠤ ᠣᠷᠣᠭᠰᠠᠨ ᠪᠠᠶᠢᠪᠠᠯ ᠪᠤᠬ᠎ᠠ ᠨᠢᠭᠡᠪᠦᠷᠢ ᠶᠢ 50 | ᠲᠦᠮᠡᠨ ᠲᠥᠭᠦᠷᠢᠭ ᠢᠶᠠᠷ ᠱᠠᠩᠨᠠᠨ᠎ᠠ︔ ᠪᠥᠬᠦ ᠤᠯᠤᠰ ᠤᠨ ᠬᠤᠯᠠᠨᠳ᠋ ᠤᠨ ᠦᠬᠡᠷ ︵GCPI︱ᠳᠤᠮᠳᠠᠳᠤ | ᠤᠯᠤᠰ ᠤᠨ ᠰᠠᠭᠠᠯᠢ ᠶᠢᠨ ᠦᠨᠢᠶ᠎ᠡ ᠶᠢᠨ ᠶᠡᠷᠦᠩᠬᠡᠢ ᠵᠢᠭᠠᠯᠲᠠ ᠲᠤᠭ᠎ᠠ︶ ᠤᠨ ᠡᠮᠦᠨ᠎ᠡ 50 ᠨᠡᠷᠡᠰ ᠲᠤ ᠣᠷᠣᠭᠰᠠᠨ | ᠪᠠᠶᠢᠪᠠᠯ᠂ ᠡᠭᠦᠯᠳᠡᠷ ᠤᠨ ᠪᠤᠬ᠎ᠠ ᠨᠢᠭᠡᠪᠦᠷᠢ ᠶᠢ 100 ᠲᠦᠮᠡᠨ ᠲᠥᠭᠦᠷᠢᠭ ᠢᠶᠠᠷ ᠱᠠᠩᠨᠠᠵᠤ᠂ 50 ︵ᠪᠠᠭᠲᠠᠬᠤ | ᠦᠭᠡᠢ︶ ᠠᠴᠠ 100 ᠨᠡᠷᠡᠰ ᠲᠤ ᠣᠷᠣᠭᠰᠠᠨ ᠪᠠᠶᠢᠪᠠᠯ᠂ ᠡᠭᠦᠯᠳᠡᠷ ᠤᠨ ᠪᠤᠬ᠎ᠠ ᠨᠢᠭᠡᠪᠦᠷᠢ ᠶᠢ 50 ᠲᠦᠮᠡᠨ | ᠲᠥᠭᠦᠷᠢᠭ ᠢᠶᠠᠷ ᠱᠠᠩᠨᠠᠨ᠎ᠠ᠃ | 4. ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠰᠦ | ᠮᠢᠬ᠎ᠠ ᠶᠢ ᠬᠠᠪᠰᠤᠷᠭᠠᠨ ᠬᠡᠷᠡᠭᠯᠡᠬᠦ ᠰᠢᠮᠧᠨ᠋ᠲ᠋ᠠᠷ ᠡᠭᠦᠯᠳᠡᠷ ᠤᠨ ᠪᠤᠬ᠎ᠠ ︵TPI︱ᠳᠤᠮᠳᠠᠳᠤ ᠤᠯᠤᠰ ᠤᠨ ᠰᠦ | ᠮᠢᠬ᠎ᠠ ᠶᠢ ᠬᠠᠪᠰᠤᠷᠭᠠᠨ ᠬᠡᠷᠡᠭᠯᠡᠬᠦ ᠦᠬᠡᠷ ᠤᠨ ᠶᠡᠷᠦᠩᠬᠡᠢ ᠴᠢᠳᠠᠮᠵᠢ ᠶᠢᠨ ᠵᠢᠭᠠᠯᠲᠠ ᠲᠤᠭ᠎ᠠ︶ ᠶᠢᠨ ᠨᠡᠷᠡᠰ ᠤᠨ | ᠵᠢᠭᠰᠠᠭᠠᠯᠲᠠ ᠳᠤ ᠡᠮᠦᠨ᠎ᠡ 100 ᠨᠡᠷᠡᠰ ᠲᠤ ᠣᠷᠣᠭᠰᠠᠨ ᠪᠠᠶᠢᠪᠠᠯ᠂ ᠪᠤᠬ᠎ᠠ ᠨᠢᠭᠡᠪᠦᠷᠢ ᠶᠢ 50 ᠲᠦᠮᠡᠨ | ᠲᠥᠭᠦᠷᠢᠭ ᠢᠶᠠᠷ ᠱᠠᠩᠨᠠᠨ᠎ᠠ᠃ | 5. ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠰᠠᠨ ᠾᠧ | ᠦᠬᠡᠷ ᠤᠨ ᠡᠭᠦᠯᠳᠡᠷ ᠤᠨ ᠪᠤᠬ᠎ᠠ ︵TPI︱ᠳᠤᠮᠳᠠᠳᠤ ᠤᠯᠤᠰ ᠤᠨ ᠰᠦ ᠮᠢᠬ᠎ᠠ ᠶᠢ ᠬᠠᠪᠰᠤᠷᠭᠠᠨ ᠬᠡᠷᠡᠭᠯᠡᠬᠦ | ᠦᠬᠡᠷ ᠤᠨ ᠶᠡᠷᠦᠩᠬᠡᠢ ᠴᠢᠳᠠᠮᠵᠢ ᠶᠢᠨ ᠵᠢᠭᠠᠯᠲᠠ ᠲᠤᠭ᠎ᠠ︶ ᠶᠢᠨ ᠨᠡᠷᠡᠰ ᠤᠨ ᠵᠢᠭᠰᠠᠭᠠᠯᠲᠠ ᠳᠤ ᠡᠮᠦᠨ᠎ᠡ 5 ᠨᠡᠷᠡᠰ ᠲᠤ | ᠵᠢᠭᠰᠠᠭᠠᠭᠳᠠᠭᠰᠠᠨ ᠪᠤᠬ᠎ᠠ ᠨᠢᠭᠡᠪᠦᠷᠢ ᠶᠢ 50 ᠲᠦᠮᠡᠨ ᠲᠥᠭᠦᠷᠢᠭ ᠢᠶᠠᠷ ᠱᠠᠩᠨᠠᠨ᠎ᠠ᠃ | ᠳᠥᠷᠪᠡ᠂ ᠨᠥᠬᠦᠪᠦᠷᠢ ᠥᠭᠬᠦ ᠠᠷᠭ᠎ᠠ ᠬᠡᠯᠪᠡᠷᠢ | ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ︽ᠱᠠᠩᠨᠠᠬᠤ ᠪᠠᠷ ᠨᠦᠬᠦᠪᠦᠷᠢ ᠦᠭᠬᠦ ᠶᠢ ᠣᠷᠣᠯᠠᠭᠤᠯᠬᠤ︾ | ᠠᠷᠭ᠎ᠠ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠠᠵᠤ | ᠠᠬᠤᠶᠢᠯᠠᠯ ᠳᠤ ᠱᠠᠩᠨᠠᠯ ᠣᠯᠭᠤᠨ᠎ᠠ᠃ | ᠲᠠᠪᠤ᠂ ᠬᠡᠷᠡᠭᠵᠢᠭᠦᠯᠬᠦ ᠴᠤᠪᠤᠷᠠᠯ | 1. ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠨᠢ 1 ᠰᠠᠷ᠎ᠠ ᠶᠢᠨ 31 ᠤ ᠡᠳᠦᠷ ᠠᠴᠠ ᠡᠮᠦᠨ᠎ᠡ ᠰᠠᠶᠢᠨ | ᠳᠤᠷ᠎ᠠ ᠠᠴᠠ ᠪᠠᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ᠱᠠᠭᠠᠷᠳᠠᠯᠭ᠎ᠠ ᠶᠣᠰᠣᠭᠠᠷ ᠭᠤᠶᠤᠴᠢᠯᠠᠬᠤ ᠬᠦᠰᠦᠨᠦᠭᠲᠦ ᠶᠢ ᠲᠠᠭᠯᠠᠨ | ᠪᠢᠴᠢᠬᠦ ᠶᠢᠨ ᠬᠠᠮᠲᠤ ᠵᠣᠬᠢᠴᠠᠩᠭᠤᠢ ᠭᠡᠷᠡᠴᠢᠯᠡᠬᠦ ᠮᠠᠲ᠋ᠧᠷᠢᠶᠠᠯ ︵ᠲᠠᠮᠠᠭ᠎ᠠ ᠳᠠᠷᠤᠭᠰᠠᠨ︶ ᠬᠠᠩᠭᠠᠵᠤ᠂ ᠱᠠᠲᠤ ᠳᠠᠷᠠᠭᠠᠯᠠᠨ | ᠬᠢᠨᠠᠨ ᠬᠠᠷᠭᠤᠭᠤᠯᠤᠭᠠᠳ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠬᠦ ᠬᠡᠷᠡᠭᠲᠡᠢ᠃ | 2. ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠨᠢ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠬᠤ ᠪᠤᠶᠤ ᠲᠤᠰᠬᠠᠢ | ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ | ᠬᠤᠪᠢ ᠲᠣᠭᠲᠠᠭᠠᠬᠤ ᠨᠠᠷᠢᠨ ᠳᠦᠷᠢᠮ ᠢ ᠦᠨᠳᠦᠰᠦᠯᠡᠨ ᠲᠤᠬᠠᠢ ᠶᠢᠨ ᠲᠠᠯᠠᠪᠤᠷ ᠲᠤᠨᠢ ᠵᠦᠢᠯ ᠳᠠᠷᠠᠭᠠᠯᠠᠨ ᠬᠤᠪᠢ | ᠲᠣᠭᠲᠠᠭᠠᠵᠤ᠂ ᠦᠨᠡᠯᠡᠭᠰᠡᠨ ᠦᠷ᠎ᠡ ᠳ᠋ᠦᠩ ᠢ ᠳᠤᠷᠠᠳᠤᠨ᠎ᠠ᠃ | 3. ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠨᠢ ᠭᠤᠷᠪᠠᠳᠠᠭᠢ ᠡᠲᠡᠭᠡᠳ ᠪᠤᠶᠤ ᠦᠨᠡᠯᠡᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ | ᠲᠤᠬᠠᠢ ᠶᠢᠨ ᠲᠠᠯᠠᠪᠠᠶ ᠶᠢᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ ᠨᠡᠶᠢᠲᠡ ᠳᠤ ᠵᠠᠷᠯᠠᠵᠤ᠂ ᠨᠡᠶᠢᠲᠡ ᠳᠤ | ᠵᠠᠷᠯᠠᠬᠤ ᠴᠠᠭ ᠨᠢ 5 ᠠᠵᠢᠯᠯᠠᠬᠤ ᠡᠳᠦᠷ ᠪᠠᠶᠢᠵᠤ᠂ ᠨᠡᠶᠢᠲᠡ ᠳᠤ ᠵᠠᠷᠯᠠᠬᠤ ᠳᠤ ᠣᠨᠳᠣᠣ ᠰᠠᠨᠠᠯ ᠦᠭᠡᠢ ᠪᠣᠯ | ᠱᠠᠩᠨᠠᠯ ᠤᠨ ᠪᠡᠯᠡ ᠮᠥᠩᠭᠦ ᠶᠢ ᠪᠡᠯᠡᠨ ᠵᠣᠭᠤᠰ ᠪᠣᠯᠭᠠᠨ᠎ᠠ᠃ | ᠵᠢᠷᠭᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ | 1. ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠨᠢ ᠬᠠᠩᠭᠠᠭᠰᠠᠨ ᠬᠤᠯᠪᠣᠭᠳᠠᠯ ᠪᠦᠬᠦᠢ | ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠂ ᠡᠭᠦᠯᠳᠡᠷ ᠪᠣᠶᠢᠵᠢᠭᠤᠯᠬᠤ ᠠᠵᠤ | ᠠᠬᠤᠶᠢᠯᠠᠯ ᠤᠨ ᠬᠠᠩᠭᠠᠭᠰᠠᠨ ᠬᠤᠯᠪᠣᠭᠳᠠᠯ ᠪᠦᠬᠦᠢ ᠦᠨᠡᠯᠡᠯᠲᠡ ᠶᠢᠨ ᠮᠠᠲ᠋ᠧᠷᠢᠶᠠᠯ ᠢᠶᠠᠨ ᠬᠤᠳᠠᠯ ᠢᠶᠠᠷ ᠵᠣᠬᠢᠶᠠᠨ | ᠬᠠᠭᠤᠷᠮᠠᠭ ᠢᠶᠠᠷ ᠵᠣᠬᠢᠶᠠᠭᠰᠠᠨ ᠪᠠᠶᠢᠪᠠᠯ᠂ ᠭᠤᠷᠪᠠᠨ ᠵᠢᠯ ᠤᠨ ᠳᠣᠲᠣᠷ᠎ᠠ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ | ᠦᠨᠡᠯᠡᠯᠲᠡ ᠳᠤ ᠮᠡᠳᠡᠭᠦᠯᠵᠦ ᠪᠣᠯᠬᠤ ᠦᠭᠡᠢ᠃ | 2. ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠨᠢ ᠳᠤᠮᠳᠠ᠂ ᠣᠷᠳᠣ ᠬᠤᠭᠤᠴᠠᠭᠠᠨ ᠤ ᠡᠭᠦᠯᠳᠡᠷ | ᠪᠣᠶᠢᠵᠢᠭᠤᠯᠬᠤ ᠲᠥᠯᠦᠪᠵᠢᠭᠦᠯᠭᠡ ᠪᠠ ᠲᠣᠰ ᠪᠡᠶ᠎ᠡ ᠶᠢᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ | ᠱᠠᠩᠨᠠᠯ ᠤᠨ ᠪᠡᠯᠡ ᠮᠥᠩᠭᠦ ᠶᠢ ᠬᠡᠷᠡᠭᠯᠡᠬᠦ ᠲᠥᠰᠥᠯ ᠢᠶᠠᠨ ᠨᠠᠶᠢᠷᠠᠭᠤᠯᠤᠨ ᠵᠣᠬᠢᠶᠠᠵᠤ᠂ ᠪᠠᠶᠢᠭ᠎ᠠ ᠠᠶᠢᠮᠠᠭ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠭᠤᠯᠤᠭᠰᠠᠨ ᠤ ᠳᠠᠷᠠᠭ᠎ᠠ | ᠬᠡᠷᠡᠭᠵᠢᠭᠦᠯᠦᠨ᠎ᠡ᠃ ᠱᠠᠩᠨᠠᠯ ᠤᠨ ᠪᠡᠯᠡ ᠮᠥᠩᠭᠦ ᠶᠢ ᠵᠥᠪᠰᠢᠶᠡᠷᠡᠭᠦᠯᠬᠦ ᠪᠠᠷ ᠭᠤᠶᠤᠴᠢᠯᠠᠭᠰᠠᠨ ᠦᠭᠡᠢ ᠪᠤᠶᠤ | ᠲᠣᠭᠲᠠᠭᠠᠯ ᠶᠣᠰᠣᠭᠠᠷ ᠬᠡᠷᠡᠭᠯᠡᠭᠰᠡᠨ ᠦᠭᠡᠢ ᠪᠠᠶᠢᠪᠠᠯ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ | ᠴᠡᠭᠴᠡᠯᠡᠨ ᠰᠠᠶᠢᠵᠢᠷᠠᠭᠤᠯᠤᠭᠠᠳ ᠬᠢᠷᠢ ᠲᠡᠩᠴᠡᠭᠰᠡᠨ ᠦᠭᠡᠢ ᠶᠢ ᠨᠢ ᠱᠠᠩᠨᠠᠯ ᠤᠨ ᠪᠡᠯᠡ ᠮᠥᠩᠭᠦ ᠶᠢ ᠬᠤᠷᠢᠶᠠᠨ | ᠠᠪᠬᠤ ᠶᠢᠨ ᠬᠠᠮᠲᠤ ᠳᠠᠷᠠᠭ᠎ᠠ ᠨᠢᠭᠡ ᠵᠢᠯ ᠤᠨ ᠰᠢᠯᠭᠠᠷᠠᠭᠤᠯᠤᠯᠲᠠ ᠳᠤ ᠣᠷᠣᠯᠴᠠᠬᠤ ᠬᠢᠷᠢ ᠬᠡᠮ ᠢ ᠨᠢ ᠬᠦᠴᠦᠨ | ᠦᠭᠡᠢ ᠪᠣᠯᠭᠠᠬᠤ ᠬᠡᠷᠡᠭᠲᠡᠢ᠃ | ᠳᠣᠯᠤᠭ᠎ᠠ᠂ ᠭᠡᠷᠡᠴᠢᠯᠡᠬᠦ ᠮᠠᠲ᠋ᠧᠷᠢᠶᠠᠯ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶᠡᠨ ᠤ ᠡᠭᠦᠯᠳᠡᠷ | ᠪᠣᠶᠢᠵᠢᠭᠤᠯᠬᠤ ᠠᠵᠤ ᠠᠬᠤᠶᠢᠯᠠᠯ ᠤᠨ ᠦᠷ᠎ᠡ ᠪᠣᠶᠢᠵᠢᠭᠤᠯᠬᠤ ᠴᠢᠳᠠᠪᠤᠷᠢ ᠶᠢ ᠦᠨᠡᠯᠡᠬᠦ ᠭᠤᠶᠤᠴᠢᠯᠠᠯ ᠤᠨ | ᠬᠦᠰᠦᠨᠦᠭᠲᠦ︔ | 2. ︽ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ︾᠂ | ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ︾ ᠪᠠ ᠮᠠᠯ ᠵᠢᠭᠦᠷᠲᠡᠨ ᠢ ᠲᠡᠵᠢᠭᠡᠨ | ᠦᠷᠡᠵᠢᠭᠦᠯᠬᠦ ᠣᠷᠣᠯᠠᠬᠤ ᠨᠣᠮᠧᠷ᠂ ᠡᠵᠡᠩᠨᠡᠯᠲᠡ ᠶᠢᠨ ᠦᠨᠡᠮᠯᠡᠯ᠂ ᠠᠵᠤ ᠠᠬᠤᠶᠢᠯᠠᠯ ᠤᠨ ᠬᠠᠤᠯᠢ ᠶᠢᠨ ᠬᠥᠮᠥᠨ ᠤ | ᠦᠨᠡᠮᠯᠡᠯ ᠤᠨ ᠪᠠᠭᠤᠯᠭᠠᠪᠤᠷᠢ︔ | 3. ᠣᠶᠢᠷ᠎ᠠ ᠶᠢᠨ 3 ᠵᠢᠯ ᠤᠨ ᠬᠢᠨᠠᠨ ᠪᠣᠳᠣᠯᠲᠠ ᠶᠢᠨ ᠮᠡᠳᠡᠭᠦᠯᠦᠯᠲᠡ᠂ ᠨᠢᠭᠲᠠᠯᠠᠨ ᠪᠣᠳᠣᠯᠲᠠ ᠶᠢᠨ | ᠮᠡᠳᠡᠭᠦᠯᠦᠯᠲᠡ ᠶᠢᠨ ᠬᠦᠰᠦᠨᠦᠭᠲᠦ᠂ ᠡᠭᠦᠯᠳᠡᠷ ᠪᠣᠶᠢᠵᠢᠭᠤᠯᠬᠤ ᠣᠷᠣᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ | ︵ᠬᠡᠷᠪᠡ ᠬᠢᠨᠠᠨ ᠪᠣᠳᠣᠯᠲᠠ ᠶᠢᠨ ᠮᠡᠳᠡᠭᠦᠯᠦᠯᠲᠡ ᠳᠤ ᠡᠭᠦᠯᠳᠡᠷ ᠪᠣᠶᠢᠵᠢᠭᠤᠯᠬᠤ ᠣᠷᠣᠭᠤᠯᠤᠯᠲᠠ ᠶᠢᠨ ᠪᠠᠶᠢᠳᠠᠯ ᠢ | ᠪᠠᠭᠲᠠᠭᠠᠬᠤ ᠦᠭᠡᠢ ᠪᠣᠯ ᠲᠤᠰᠬᠠᠢ ᠵᠦᠢᠯ ᠤᠨ ᠬᠢᠨᠠᠨ ᠪᠣᠳᠣᠯᠲᠠ ᠶᠢᠨ ᠮᠡᠳᠡᠭᠦᠯᠦᠯᠲᠡ ᠪᠠᠶᠢᠬᠤ ᠬᠡᠷᠡᠭᠲᠡᠢ︶︔ | 4. ᠡᠭᠦᠯᠳᠡᠷ ᠪᠣᠶᠢᠵᠢᠭᠤᠯᠬᠤ ᠪᠠᠶᠢᠭᠤᠯᠤᠮᠵᠢ᠂ ᠡᠭᠦᠯᠳᠡᠷ ᠪᠣᠶᠢᠵᠢᠭᠤᠯᠬᠤ ᠪᠦᠯᠬᠦᠮ ᠨᠡᠶᠢᠲᠡ᠂ ᠡᠭᠦᠯᠳᠡᠷ | ᠪᠣᠶᠢᠵᠢᠭᠤᠯᠬᠤ ᠰᠠᠭᠤᠷᠢ ᠨᠥᠬᠦᠴᠡᠯ᠂ ᠡᠭᠦᠯᠳᠡᠷ ᠪᠣᠶᠢᠵᠢᠭᠤᠯᠬᠤ ᠰᠠᠭᠤᠷᠢ ᠠᠵᠢᠯ᠂ ᠡᠭᠦᠯᠳᠡᠷ ᠪᠣᠶᠢᠵᠢᠭᠤᠯᠬᠤ | ᠮᠠᠲ᠋ᠧᠷᠢᠶᠠᠯ᠂ ᠡᠭᠦᠯᠳᠡᠷ ᠪᠣᠶᠢᠵᠢᠭᠤᠯᠬᠤ ᠦᠷ᠎ᠡ ᠪᠦᠲᠦᠭᠡᠯ ᠵᠢᠴᠢ ᠬᠤᠯᠪᠣᠭᠳᠠᠯ ᠪᠦᠬᠦᠢ ᠡᠭᠦᠯᠳᠡᠷ ᠪᠣᠶᠢᠵᠢᠭᠤᠯᠬᠤ | ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠢ ᠡᠭᠦᠷᠭᠡᠯᠡᠬᠦ ᠵᠡᠷᠭᠡ ᠭᠡᠷᠡᠴᠢᠯᠡᠬᠦ ᠮᠠᠲ᠋ᠧᠷᠢᠶᠠᠯ︔ | 5. ᠳᠤᠮᠳᠠ᠂ ᠤᠷᠳᠤ ᠬᠤᠭᠤᠴᠠᠭᠠᠨ ᠤ ᠡᠭᠦᠯᠳᠡᠷ ᠪᠣᠶᠢᠵᠢᠭᠤᠯᠬᠤ ᠲᠥᠯᠦᠪᠵᠢᠭᠦᠯᠭᠡ ᠵᠢᠴᠢ ᠣᠨ ᠤ ᠡᠭᠦᠯᠳᠡᠷ | ᠪᠣᠶᠢᠵᠢᠭᠤᠯᠬᠤ ᠲᠥᠯᠥᠪᠯᠡᠭᠡ ᠪᠤᠶᠤ ᠬᠡᠷᠡᠭᠵᠢᠭᠦᠯᠬᠦ ᠲᠥᠰᠥᠯ︔ | 6. ᠡᠭᠦᠯᠳᠡᠷ ᠪᠣᠶᠢᠵᠢᠭᠤᠯᠬᠤ ᠪᠦᠯᠬᠦᠮ ᠨᠡᠶᠢᠲᠡ ᠶᠢᠨ ᠬᠠᠮᠢᠶᠠᠷᠤᠯᠲᠠ ᠶᠢᠨ ᠠᠷᠭ᠎ᠠ ᠵᠢᠴᠢ ᠤᠷᠮᠠᠰᠢᠭᠤᠯᠬᠤ | ᠲᠣᠭᠲᠠᠴᠠ ᠶᠢᠨ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠂ ᠱᠠᠩᠨᠠᠯ ᠤᠯᠭᠤᠭᠰᠠᠨ ᠭᠡᠷᠡᠴᠢᠯᠡᠬᠦ ᠮᠠᠲ᠋ᠧᠷᠢᠶᠠᠯ︔ | 7. ᠲᠥᠷᠥᠯ ᠵᠦᠢᠯ ᠢ ᠭᠦᠢᠴᠡᠳᠬᠡᠭᠰᠡᠨ ᠪᠠᠶᠢᠳᠠᠯ ᠢ ᠭᠡᠷᠡᠴᠢᠯᠡᠬᠦ ᠮᠠᠲ᠋ᠧᠷᠢᠶᠠᠯ︔ | 8. ᠣᠷᠣᠨ ᠨᠤᠲᠤᠭ ᠤᠨ ᠵᠠᠰᠠᠭ ᠤᠨ ᠣᠷᠳᠣᠨ ᠪᠤᠶᠤ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢᠨ | ᠪᠠᠲᠤᠯᠠᠭ᠎ᠠ ᠶᠢᠨ ᠠᠷᠭ᠎ᠠ ᠶᠢᠨ ᠮᠠᠲ᠋ᠧᠷᠢᠶᠠᠯ︔ | 9. ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ᠃ |